ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠲᠠᠷ ᠠᠯᠲᠠᠨᠬᠢᠯᠢ ᠰᠤᠮᠤᠨ ᠳᠤ ᠬᠦᠨᠵᠡᠬᠡᠶᠢᠷᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/7/17
      ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠥᠷᠨᠢᠬᠦ ᠶᠢ ᠵᠢᠯᠤᠭᠤᠳᠬᠤ ᠶᠢᠨ ᠲᠥᠯᠥᠭᠡ᠂ 6 ᠰᠠᠷ᠎ᠠ ᠶᠢᠨ 28 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠲᠠᠷ ᠠᠯᠲᠠᠨᠬᠢᠯᠢ ᠰᠤᠮᠤᠨ ᠳᠤ ᠬᠦᠨᠵᠡᠬᠡᠶᠢᠷᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠵᠤ᠂ ᠭᠠᠴᠠᠭ᠎ᠠ᠂ ᠨᠡᠶᠢᠭᠡᠮ ᠲᠣᠭᠤᠷᠢᠭ ᠤᠨ ᠬᠡᠰᠡᠭ ᠨᠠᠮ ᠤᠨ ᠭᠡᠰᠢᠭᠦᠨ ᠵᠢᠴᠢ ᠪᠥᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠤᠷᠤᠯᠴᠠᠪᠠ᠃      ᠬᠤᠷᠠᠯ ᠳᠤ᠂ ᠬᠦᠲᠠᠷ ᠨᠥᠬᠦᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠴᠢᠨᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠣᠨᠴᠠᠯᠢᠭ ᠪᠣᠯᠣᠨ ᠠᠭᠤᠯᠤᠭᠳᠠᠬᠤᠨ ᠴᠢᠬᠤᠯᠠ ᠠᠭᠤᠯᠭ᠎ᠠ ᠵᠡᠷᠭᠡ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠪᠦᠬᠦ ᠲᠠᠯ᠎ᠠ ᠶᠢᠨ ᠲᠠᠶᠢᠯᠪᠤᠷᠢᠯᠠᠯᠲᠠ ᠬᠢᠵᠤ᠂ ᠨᠠᠮ ᠤᠨ ᠭᠡᠰᠢᠭᠦᠨ ᠺᠠᠳ᠋ᠷᠴᠤᠳ ᠢ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠤᠨ᠂ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠢᠯᠡ ᠠᠵᠢᠯᠯᠠᠭ᠎ᠠ ᠲᠠᠢ ᠪᠠᠨ        ᠤᠶᠠᠯᠲᠤᠭᠤᠯᠤᠨ᠂ ᠳᠤᠮᠳᠠᠳᠤ ᠤᠯᠤᠰ ᠤᠨ ᠡᠪ ᠬᠠᠮᠲᠤᠴᠤᠳ ᠤᠨ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃      ᠬᠤᠷᠠᠯ ᠠᠴᠠ᠂ ᠨᠠᠮ ᠤᠨ ᠭᠡᠰᠢᠭᠦᠨ ᠺᠠᠳ᠋ᠷ ᠢᠮᠠᠭᠲᠠ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠯᠴᠠᠭ᠎ᠠ ᠪᠠᠨ ᠪᠠᠲᠤᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾  ᠤᠨ ᠠᠰᠠᠭᠤᠳᠠᠯ ᠢ ᠡᠷᠡᠰ  ᠬᠤᠷᠢᠭᠯᠠᠨ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠬᠡᠳᠦ ᠰᠢᠨ᠎ᠡ ᠶᠢ ᠡᠭᠦᠳᠬᠦ᠂ ᠳᠤᠷ᠎ᠠ ᠪᠠᠷ ᠢᠶᠠᠨ ᠬᠤᠯᠪᠣᠭᠳᠠᠭᠤᠯᠬᠤ᠂ ᠳᠣᠣᠷᠠᠳᠤ ᠳᠡᠰ ᠤᠨ ᠠᠯᠳᠠᠭ᠎ᠠ ᠪᠤᠷᠤᠭᠤ ᠭᠠᠷᠭᠠᠬᠤ ᠵᠡᠷᠭᠡ ᠦᠵᠡᠭᠳᠡᠯ ᠢ ᠡᠷᠡᠰ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠰᠠᠬᠢᠯᠭ᠎ᠠ ᠪᠠᠲᠤ ᠶᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠢᠶᠠᠷ ᠲᠦᠯᠬᠢᠨ         ᠠᠬᠢᠭᠤᠯᠤᠨ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠢᠯᠭᠠᠨ ᠲᠠᠨᠢᠬᠤ ᠴᠢᠳᠠᠪᠤᠷᠢ ᠪᠠᠨ ᠴᠠᠭ ᠢᠮᠠᠭᠲᠠ ᠪᠠᠲᠤᠯᠠᠵᠤ᠂ ᠡᠷᠬᠡ ᠶᠢᠨ ᠲᠤᠬᠠᠢ ᠵᠥᠪ ᠦᠵᠡᠯᠲᠡ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ᠂ ᠠᠵᠢᠯ ᠦᠢᠯᠡᠰ ᠤᠨ ᠲᠤᠬᠠᠢ ᠦᠵᠡᠯᠲᠡ ᠶᠢ ᠪᠤᠢ ᠪᠣᠯᠭᠠᠵᠤ᠂ ᠡᠷᠬᠡ ᠶᠢ ᠲᠥᠪ ᠭᠤᠣᠯᠴᠢ ᠪᠠᠷ ᠬᠡᠷᠡᠭᠯᠡᠬᠦ᠂ ᠬᠠᠤᠯᠢ ᠶᠣᠰᠣᠭᠠᠷ ᠬᠡᠷᠡᠭᠯᠡᠬᠦ᠂ ᠠᠷᠠᠳ ᠤᠨ ᠬᠡᠷᠡᠭᠴᠡᠭᠡᠨ ᠤ ᠲᠥᠯᠥᠭᠡ ᠬᠡᠷᠡᠭᠯᠡᠬᠦ᠂ ᠡᠷᠬᠡ ᠶᠢ ᠠᠷᠢᠭᠤᠨ ᠴᠢᠬᠡᠴᠢ ᠪᠠᠷ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ ᠬᠡᠵᠤ ᠱᠠᠭᠠᠷᠲᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号