ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠠᠢ ᠪᠣᠤ ᠨᠠᠷ ᠠᠯᠲᠡᠨᠬᠢᠯᠢ ᠰᠤᠮᠤᠨ ᠳᠤ ᠭᠦᠨᠵᠡᠭᠡᠶᠢᠷᠡᠨ ᠡᠪᠡᠰᠦ  ᠪᠣᠷᠳᠤᠭᠠᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/17
      6 ᠰᠠᠷ᠎ᠠ ᠶᠢᠨ 28 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠠᠢ ᠪᠦᠦ ᠨᠠᠷ ᠠᠯᠲᠡᠨᠬᠢᠯᠢ ᠰᠤᠮᠤᠨ ᠳᠤ ᠭᠦᠨᠵᠡᠭᠡᠶᠢᠷᠡᠨ᠂ ᠡᠪᠡᠰᠦ ᠪᠣᠷᠳᠤᠭᠠᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠰᠤᠮᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠨᠢ ᠠᠯᠲᠡᠨᠬᠢᠯᠢ ᠰᠤᠮᠤᠨ ᠤ ᠪᠦᠯᠢᠶᠡᠨ ᠭᠠᠴᠠᠭᠠᠨ ᠤ ᠭᠠᠮᠰᠢᠭ ᠢ ᠰᠡᠷᠭᠡᠶᠢᠯᠡᠨ ᠪᠠᠭᠠᠰᠬᠠᠬᠤ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠢ ᠪᠠᠶᠢᠴᠠᠭᠠᠨ ᠦᠵᠡᠵᠦ᠂ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠪᠣᠯᠪᠠᠰᠤᠷᠠᠭᠤᠯᠤᠯᠲᠠ᠂ ᠨᠥᠭᠡᠴᠡᠯᠡᠯᠲᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠪᠡᠰᠦ ᠪᠣᠷᠳᠣᠭᠠᠨ ᠤ ᠠᠵᠤ ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠬᠢᠳᠡᠯ ᠵᠢᠴᠢ ᠣᠷᠣᠰᠢᠵᠤ ᠪᠠᠶᠢᠭ᠎ᠠ ᠬᠦᠴᠢᠷᠳᠡᠯ ᠠᠰᠠᠭᠤᠳᠠᠯ ᠤᠨ ᠲᠤᠬᠠᠢ ᠭᠦᠨᠵᠡᠭᠡᠢ ᠰᠣᠯᠢᠯᠴᠠᠭ᠎ᠠ ᠬᠢᠪᠠ᠃      ᠳᠠᠷᠠᠭ᠎ᠠ ᠨᠢ᠂ ᠠᠯᠲᠡᠨᠬᠢᠯᠢ ᠰᠤᠮᠤᠨ ᠤ ᠪᠦᠯᠢᠶᠡᠨ ᠭᠠᠴᠠᠭᠠᠨ ᠤ ᠮᠠᠯᠴᠢᠨ ᠲᠡᠮᠦᠷ᠎ᠡ᠂ ᠡᠷᠳᠡᠨᠢᠴᠡᠴᠡᠭ ᠪᠠ ᠪᠠᠳᠠᠷᠠᠬᠤ ᠭᠠᠴᠠᠭᠠᠨ ᠤ ᠨᠠᠳᠮᠢᠳ ᠤᠨ ᠬᠢᠨ ᠳᠤ ᠬᠦᠷᠴᠦ᠂ ᠮᠠᠯᠴᠢᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠪᠠ 2023 ᠣᠨ ᠤ ᠡᠪᠡᠰᠦ ᠪᠣᠷᠳᠤᠭ᠎ᠠ ᠶᠢᠨ ᠨᠦᠭᠡᠴᠡᠯᠡᠭᠰᠡᠨ ᠦᠷᠳᠡᠭ ᠵᠢᠴᠢ ᠵᠠᠷᠤᠴᠠᠭᠤᠯᠤᠭᠰᠡᠨ ᠪᠠᠶᠢᠳᠠᠯ ᠢ ᠨᠠᠷᠢᠨ ᠤᠶᠢᠯᠠᠭᠠᠵᠦ᠂ ᠮᠠᠯᠴᠢᠳ ᠢ ᠭᠠᠮᠰᠢᠭ ᠢ ᠰᠡᠷᠭᠡᠶᠢᠯᠡᠨ ᠪᠠᠭᠠᠰᠬᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠶᠢ ᠪᠠᠷᠢᠮᠲᠠᠯᠠᠵᠤ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠦ ᠰᠠᠨᠠᠭᠤᠯᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠮᠠᠯ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠲᠠᠯᠠᠵᠦ᠂ ᠡᠪᠡᠰᠦ ᠪᠣᠷᠳᠣᠭᠠᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠴᠢᠨᠠᠷ ᠰᠠᠶᠢᠲᠠᠢ ᠲᠡᠵᠢᠭᠡᠯ ᠡᠪᠡᠰᠦᠨ ᠤ ᠰᠠᠶᠢᠨ ᠡᠭᠦᠯᠳᠡᠷ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠡᠪᠡᠰᠦ ᠪᠣᠷᠳᠣᠭᠠᠨ ᠤ ᠲᠦᠷᠦᠯ ᠲᠡᠮᠳᠡᠭ ᠢ ᠬᠦᠴᠦᠯᠡᠨ ᠡᠭᠦᠳᠴᠦ᠂ ᠮᠠᠯᠴᠢᠨ ᠲᠦᠮᠠᠨ ᠤ ᠭᠠᠮᠰᠢᠭ ᠢ ᠡᠰᠡᠷᠭᠦᠴᠡᠬᠦ ᠦᠵᠡᠯ ᠤᠬᠠᠮᠰᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠴᠠᠭ ᠠᠭᠤᠷ ᠤᠨ ᠪᠠᠶᠢᠳᠠᠯ ᠢ ᠨᠢᠭᠲᠠ ᠠᠩᠬᠠᠷᠴᠤ᠂ ᠡᠪᠡᠰᠦ ᠪᠣᠷᠳᠤᠭ᠎ᠠ ᠶᠢ ᠡᠷᠲᠡᠬᠡᠨ ᠨᠦᠭᠡᠴᠡᠯᠡᠵᠦ᠂ ᠮᠠᠯ ᠤᠨ ᠭᠠᠷᠭᠠᠯᠲᠠ ᠶᠢᠨ ᠠᠵᠢᠯ ᠢ ᠰᠠᠶᠢᠲᠤᠷ ᠠᠳᠬᠤᠵᠤ᠂ ᠮᠠᠯᠴᠢᠨ  ᠲᠦᠮᠡᠨ  ᠤ ᠲᠠᠩᠰᠠ ᠪᠤᠳᠤᠵᠤ ᠮᠠᠯ ᠲᠡᠵᠢᠭᠡᠬᠦ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠢᠯᠡᠭᠦᠦ ᠭᠠᠷᠭᠠᠵᠤ᠂ ᠲᠦᠷᠭᠡᠨ ᠭᠠᠷᠭᠠᠵᠤ᠂ ᠡᠷᠲᠡ ᠭᠠᠷᠭᠠᠵᠤ᠂ ᠡᠪᠡᠰᠦ ᠪᠤᠷᠳᠤᠭᠠᠨ  ᠤ ᠨᠥᠭᠡᠴᠡᠯᠡᠯᠲᠡ ᠶᠢᠨ ᠥᠷᠲᠡᠭ ᠢ ᠪᠠᠭᠠᠰᠬᠠᠵᠤ᠂ ᠲᠡᠵᠢᠭᠡᠨ ᠦᠷᠡᠵᠢᠭᠦᠯᠬᠦ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号