ᠤᠯᠢᠶᠠᠰᠤᠲᠠᠢ ᠪᠠᠯᠭᠠᠰᠤᠨ ᠤ ᠦᠩᠲᠦ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ ᠬᠤᠷᠢᠶ᠎ᠠ ᠳᠤᠮᠳᠠᠳᠤ ᠤᠯᠤᠰ ᠤᠨ ᠡᠪ ᠬᠠᠮᠲᠦ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢ ᠪᠡᠯᠭᠡᠯᠡᠬᠦ      ︽ᠳᠤᠯᠤᠭᠠᠨ ᠰᠠᠷ᠎ᠠ ᠶᠢᠨ ᠨᠢᠭᠡᠨ ᠢᠶᠠᠨ ᠤᠭᠳᠤᠵᠤ᠂ ᠰᠡᠳᠬᠢᠯ ᠢᠶᠠᠨ ᠨᠢᠭᠡᠳᠬᠡᠵᠤ ᠨᠠᠮ ᠤᠨ ᠠᠴᠢ ᠶᠢ ᠮᠠᠭᠲᠠᠨ ᠳᠠᠭᠤᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/17
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠭᠡᠷᠡᠯ ᠰᠠᠴᠤᠷᠠᠩᠭᠤᠢ ᠭᠠᠪᠢᠶ᠎ᠠ ᠵᠢᠳᠬᠦᠯ ᠢ ᠮᠠᠭᠲᠠᠨ ᠳᠠᠭᠤᠯᠠᠵᠤ᠂ ᠠᠭᠤᠣ ᠶᠡᠭᠡ ᠨᠠᠮ ᠤᠨ ᠢᠶᠠᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠤᠯᠠᠳᠠ᠂ ᠦᠩᠲᠦ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠪᠦᠷᠢᠯᠳᠦᠭᠦᠨ ᠨᠢᠭᠡᠴᠡ᠂ ᠵᠡᠪᠰᠡᠭ ᠤᠨ ᠡᠷᠳᠡᠮ ᠤᠨ ᠨᠡᠶᠢᠭᠡᠮᠯᠢᠭ ᠲᠠᠢ ᠬᠠᠮᠲᠤᠷᠠᠨ ︽ᠰᠡᠳᠬᠢᠯ ᠢᠶᠠᠨ ᠨᠢᠭᠡᠳᠬᠡᠵᠦ ᠨᠠᠮ ᠤᠨ ᠠᠴᠢ ᠶᠢ ᠮᠠᠭᠲᠠᠨ ᠳᠠᠭᠤᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡ100 ᠭᠠᠷᠤᠢ ᠬᠥᠮᠥᠨ ᠤᠷᠤᠯᠴᠠᠪᠠ᠃      ᠠᠵᠢᠯᠯᠠᠭ᠎ᠠ ᠨᠢ ᠰᠦᠷ ᠵᠢᠪᠬᠤᠯᠠᠩᠲᠠᠢ᠂ ᠢᠳᠡ ᠬᠦᠴᠦᠲᠡᠢ ᠨᠠᠮ ᠳᠤ ᠣᠷᠣᠬᠤ ᠲᠠᠩᠭᠠᠷᠢᠭ ᠤᠨ ᠦᠭᠡᠰ ᠤᠨ ᠳᠤᠮᠳᠠ ᠬᠥᠰᠢᠭᠡ ᠪᠠᠨ ᠰᠡᠬᠦᠪᠡ᠃ ᠳᠠᠷᠠᠭ᠎ᠠ ᠳᠤ ᠨᠢ ᠡᠬᠡ ᠤᠯᠤᠰ ᠪᠠ ᠡᠪ ᠬᠠᠮᠲᠤ ᠨᠠᠮ ᠢᠶᠠᠨ ᠮᠠᠭᠲᠠᠨ ᠳᠠᠭᠤᠯᠠᠭᠰᠠᠨ ᠭᠤᠶᠢᠳᠠ ᠰᠠᠶᠢᠬᠠᠨ  ᠲᠣᠭᠯᠠᠯᠲᠠ  ᠶᠠᠪᠤᠭᠳᠠᠵᠤ  ᠲᠤᠬᠠᠢ ᠶᠢᠨ ᠲᠠᠯᠠᠪᠤᠷ ᠤᠨ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠪᠠ᠃      ᠤᠯᠢᠶᠠᠰᠤᠲᠠᠢ ᠪᠠᠯᠭᠠᠰᠤᠨ ᠤ ᠦᠩᠲᠦ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠠᠬᠠᠮᠠᠳ ᠨᠠᠮ ᠤᠨ ᠭᠡᠰᠢᠭᠦᠨ ᠳᠤ ︽ᠨᠠᠮ ᠳᠤ ᠣᠷᠤᠭᠰᠠ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠭᠠᠷᠳᠠᠭᠤᠯᠬᠤ ᠶᠢᠨ ᠬᠠᠮᠲᠤ ᠰᠣᠷᠭᠤᠭ ᠴᠡᠴᠡᠭ ᠬᠦᠷᠭᠡᠪᠡ᠃᠂ ᠠᠬᠠᠮᠠᠳ ᠨᠠᠮ ᠤᠨ ᠭᠡᠰᠢᠭᠦᠨ ᠠᠴᠠ《ᠤᠭ ᠰᠠᠨᠠᠭ᠎ᠠ ᠪᠠᠨ ᠥᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠠᠷᠢᠭᠤᠨ ᠳᠠᠷᠬᠠᠨ ᠡᠭᠦᠷᠭᠡ ᠶᠢ ᠤᠯᠠᠨ ᠲᠦᠮᠡᠨ ᠳᠤ ᠭᠦᠨᠵᠡᠭᠡᠢ ᠮᠡᠳᠡᠷᠡᠭᠦᠯᠵᠦ᠂ ᠪᠦᠬᠦ ᠨᠠᠮ ᠤᠨ ᠭᠡᠰᠢᠭᠦᠨ ᠤ ᠨᠠᠮ ᠳᠤ ᠪᠠᠨ ᠦᠨᠡᠨᠴᠢ ᠰᠢᠳᠤᠷᠭᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠡᠷᠴᠢ ᠵᠣᠷᠢᠭ ᠢ ᠬᠦᠪᠴᠢᠯᠡᠪᠡ᠃      ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠨᠠᠮ ᠤᠨ ᠭᠡᠰᠢᠭᠦᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠰᠢᠨ᠎ᠡ ᠴᠠᠭ ᠦᠶ᠎ᠡ ᠶᠢᠨ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠳᠤᠮᠳᠠᠬᠢ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠪᠠ ᠡᠬᠡ ᠤᠯᠤᠰ ᠤᠨ ᠪᠠᠳᠠᠷᠠᠯ ᠬᠥᠭᠵᠢᠯ ᠪᠠᠶᠠᠵᠢᠯ ᠬᠦᠴᠦᠷᠬᠡᠭᠵᠢᠯ ᠢ ᠮᠠᠭᠲᠠᠨ ᠳᠠᠭᠤᠯᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠥᠩᠲᠤ ᠨᠡᠶᠢᠭᠡᠮ ᠲᠣᠭᠤᠷᠢᠭ ᠨᠠᠩ ᠪᠠᠶᠠᠯᠢᠭ ᠰᠠᠶᠢᠬᠠᠨ ᠬᠡᠯᠪᠡᠷᠢ ᠪᠠᠷ ᠨᠡᠶᠢᠭᠡᠮ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠥᠩᠭᠡ ᠬᠡᠷᠡᠯ ᠨᠡᠮᠡᠷᠢᠯᠡᠨ᠂ ᠨᠠᠮ ᠤᠨ ᠲᠠᠭᠤᠨ ᠢ ᠣᠯᠠᠨ ᠲᠦᠮᠡᠨ ᠳᠤ ᠳᠠᠮᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨ ᠬᠦ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠪᠠ  ᠬᠠᠨᠤᠮᠵᠢᠲᠤ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号