ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ ᠨᠢ ︽ᠲᠤᠯᠤᠭᠠᠨ ᠰᠠᠷ᠎ᠠ ᠶᠢᠨ ᠨᠢᠭᠡᠨ ᠢ ᠤᠭᠲᠤᠵᠤ᠂ ᠨᠠᠮ ᠪᠠᠶᠢᠭᠤᠯᠤᠭᠳᠠᠭᠰᠠᠨ ᠡᠳᠦᠷ ᠢ ᠪᠡᠯᠭᠡᠯᠡᠶ᠎ᠡ︾ ᠭᠡᠬᠦ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/17
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠵᠦ᠂ ᠨᠠᠮ ᠤᠨ ᠲᠤᠳᠤᠭᠠᠳᠤ ᠶᠢᠨ ᠬᠠᠯᠠᠮᠵᠢᠯᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠬᠠᠶᠢᠷ᠎ᠠ ᠬᠠᠯᠠᠮᠵᠢ ᠶᠢ ᠲᠠᠮᠵᠢᠭᠤᠯᠬᠤ ᠡᠭᠦᠳᠡᠨ ᠠᠴᠠ 6 ᠰᠠᠷ᠎ᠠ ᠶᠢᠨ 28 ᠤ ᠡᠳᠦᠷ᠂ ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ ᠨᠢ ᠬᠠᠮᠲᠤᠷᠠᠭᠰᠠᠨ ᠨᠠᠮ ᠤᠨ ᠬᠤᠷᠢᠶᠠᠨ ᠤ ᠪᠦᠷᠢᠯᠳᠦᠭᠦᠨ ᠨᠢᠭᠡᠴᠡ ᠪᠤᠯᠬᠤ ᠰᠣᠶᠣᠯ ᠲᠠᠮᠢᠷ ᠤᠨ ᠲᠣᠪᠴᠢᠶ᠎ᠠ ᠲᠠᠢ ᠬᠠᠮᠳᠤᠪᠡᠷ ᠬᠠᠷᠢᠶ᠎ᠠ ᠣᠷᠣᠨ ᠤ ᠠᠬᠠᠮᠠᠳ ᠨᠠᠮ ᠤᠨ ᠭᠡᠰᠢᠭᠦᠨ᠂ ᠬᠦᠴᠢᠷᠳᠡᠯᠲᠡᠢ ᠨᠠᠮ ᠤᠨ ᠭᠡᠰᠢᠭᠦᠨ ᠤ ᠭᠡᠷ ᠲᠤ ᠭᠦᠨᠵᠡᠭᠡᠶᠢᠷᠡᠨ ︽ᠲᠤᠯᠤᠭᠠᠨ ᠰᠠᠷ᠎ᠠ ᠶᠢᠨ ᠨᠢᠭᠡᠨ ᠢ ᠤᠭᠲᠤᠵᠤ᠂ ᠬᠠᠶᠢᠷ᠎ᠠ ᠬᠠᠯᠠᠮᠵᠢ ᠬᠦᠷᠭᠡᠬᠦ︾ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃      ᠠᠬᠠᠮᠠᠳ ᠨᠠᠮ ᠤᠨ ᠭᠡᠰᠢᠭᠦᠨ ᠤ ᠭᠡᠷ ᠲᠤ ᠬᠦᠷᠴᠦ ᠲᠡᠳᠡᠨ ᠲᠠᠢ ᠳᠣᠲᠣᠨᠣ ᠪᠠᠷ ᠶᠠᠷᠢᠯᠴᠠᠵᠤ᠂  ᠪᠡᠶ᠎ᠡ ᠮᠠᠬᠠᠪᠤᠳ ᠪᠠ ᠠᠮᠢᠳᠤᠷᠠᠯ ᠤᠨ ᠪᠠᠶᠢᠳᠠᠯ ᠵᠢᠴᠢ ᠠᠮᠢᠳᠤᠷᠠᠯ ᠤᠨ ᠳᠤᠮᠳᠠ ᠶᠠᠮᠠᠷ ᠪᠣᠳᠠᠲᠠᠢ ᠬᠦᠴᠢᠷᠳᠡᠯ ᠣᠷᠣᠰᠢᠵᠤ ᠪᠠᠶᠢᠬᠤ ᠶᠢ ᠠᠰᠠᠭᠤᠨ ᠯᠠᠪᠯᠠᠵᠤ ᠪᠤᠯᠭᠤᠭᠠᠨ ᠲᠤᠬᠤᠨᠢᠭᠤᠯᠪᠠ᠃ ᠠᠬᠠᠮᠠᠳ ᠨᠠᠮ ᠤᠨ ᠭᠡᠰᠢᠭᠦᠳ ᠠᠴᠠ ᠬᠡᠳᠦᠶᠢᠪᠡᠷ ᠨᠠᠰᠤᠨ ᠰᠡᠭᠦᠳᠡᠷ ᠥᠨᠳᠥᠷ ᠪᠣᠯᠤᠭᠰᠠᠨ ᠪᠣᠯᠪᠠᠴᠤ ᠤᠭ ᠰᠠᠨᠠᠭ᠎ᠠ ᠪᠠᠨ ᠮᠠᠷᠲᠠᠯ ᠦᠭᠡᠢ᠂ ᠦᠷᠭᠦᠯᠵᠢᠯᠡᠨ ᠴᠢᠷᠮᠠᠶᠢᠵᠤ᠂ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ ᠮᠦᠨᠴᠦ ᠨᠠᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠵᠠᠯᠠᠭᠤ ᠨᠠᠮ ᠤᠨ ᠭᠡᠰᠢᠭᠦᠳ ᠢ ᠬᠦᠰᠡᠯᠡᠩ ᠪᠠ ᠢᠲᠡᠭᠡᠯ ᠵᠣᠷᠢᠭ ᠢᠶᠠᠨ ᠤᠯᠠᠮ ᠴᠢᠩᠭ᠎ᠠ ᠪᠠᠲᠤᠳᠬᠠᠬᠤ ᠬᠡᠷᠡᠭᠲᠡᠢ ᠭᠡᠵᠦ          ᠵᠣᠷᠢᠭᠵᠢᠭᠤᠯᠪᠠ᠃      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠠᠬᠠᠮᠠᠳ ᠨᠠᠮ ᠤᠨ ᠭᠡᠰᠢᠭᠦᠨ ᠳᠤ ᠨᠠᠮ ᠪᠠ ᠠᠷᠠᠳ ᠲᠦᠮᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠴᠤᠭ ᠵᠢᠪᠬᠤᠭ᠎ᠠ ᠪᠠ ᠬᠠᠷᠢᠭᠤᠴᠠᠯᠭ᠎ᠠ ᠶᠢ ᠢᠯᠡᠷᠡᠭᠦᠯᠵᠦ᠂ ᠨᠠᠮ ᠤᠨ ᠬᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠶᠡᠭᠡ ᠵᠣᠷᠢᠭ ᠰᠠᠨᠠᠭ᠎ᠠ ᠶᠢ ᠤᠯᠠᠮᠵᠢᠯᠠᠭᠰᠠᠨ ᠪᠠᠶᠢᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号