ᠨᠢᠬᠡ᠄ ᠬᠤᠨᠢ᠂ ᠢᠮᠠᠭ᠎ᠠ᠂ ᠠᠳᠤᠭᠤ᠂ ᠦᠭᠡᠷ᠂ ᠲᠡᠮᠡᠭᠡ᠂ ᠵᠡᠭᠡᠷ᠎ᠡ᠂ ᠬᠦᠷᠤᠭᠡᠰᠤ᠂ ᠠᠷᠭᠠᠯᠢ᠂ ᠶᠠᠩᠭᠢᠷ᠂ | ᠪᠤᠭᠤ ᠶᠢᠨ ᠱᠠᠭ᠎ᠠ ᠶᠢ ᠭᠠᠯ ᠳᠤ ᠰᠢᠳᠠᠭᠠᠬᠤ ᠶᠢ ᠴᠡᠭᠡᠷᠯᠡᠨ᠎ᠡ᠃ | ᠬᠤᠶᠠᠷ᠄ ᠲᠠᠪᠤᠨ ᠬᠤᠰᠢᠭᠤ ᠮᠠᠯ ᠤᠨ ᠱᠠᠭ᠎ᠠ ᠶᠢ ᠨᠤᠬᠠᠢ ᠠᠡᠭ ᠠᠮᠢᠲᠠᠨ ᠳᠤ ᠦᠭᠬᠦ ᠶᠢ ᠤᠨᠴᠠ ᠴᠡᠭᠡᠷᠯᠡᠨ᠎ᠡ᠂ | ᠪᠤᠶᠠᠨ ᠭᠡᠰᠢᠭ ᠬᠠᠵᠡᠶᠢᠨᠠ ᠭᠡᠳᠡᠭ᠃ | ᠭᠤᠷᠪᠠ᠄ ᠮᠠᠯ ᠤᠨ ᠱᠠᠭ᠎ᠠ᠂ ᠵᠡᠭᠡᠷ᠎ᠡ ᠠᠷᠢᠶᠠᠲᠠᠨ ᠤ ᠱᠠᠭ᠎ᠠ ᠶᠢ ᠨᠡᠬᠦᠬᠦ ᠨᠤᠳᠤᠭ ᠳᠡᠭᠡᠷ᠎ᠡ ᠪᠠᠨ ᠤᠷᠭᠢᠵᠤ | ᠭᠡᠭᠡᠬᠦ ᠶᠢ ᠴᠡᠭᠡᠷᠯᠡᠨ᠎ᠡ᠂ ᠭᠠᠢ ᠪᠠᠷᠴᠢᠳ ᠳᠤᠭᠢᠶᠠᠯᠳᠤᠨᠠ ᠭᠡᠳᠡᠭ᠃ | ᠳᠦᠷᠪᠡ᠄ ᠨᠠᠰᠤ ᠪᠠᠷᠠᠭᠰᠡᠨ ᠠᠶᠢᠯ ᠤᠨ ᠬᠦᠮᠤᠰ ᠳᠦᠷᠤᠯ ᠰᠠᠳᠤᠨ ᠨᠢ ︽ᠵᠠᠭᠤ ᠬᠤᠨᠤᠭ ᠢᠶᠠᠨ ᠬᠤᠷᠢᠶᠠᠬᠤ︾ | ᠠᠴᠠ ᠡᠮᠤᠨ᠎ᠡ ᠱᠠᠭ᠎ᠠ ᠨᠠᠭᠠᠳᠤᠮ ᠳᠤ ᠤᠷᠤᠯᠴᠠᠬᠤ ᠶᠢ ᠴᠡᠭᠡᠷᠯᠡᠨ᠎ᠡ᠃ | ᠲᠠᠪᠤ᠄ ᠭᠡᠤᠭᠡᠳ ᠤᠳ ᠢ ᠦᠭᠡᠷ ᠤᠨ ᠱᠠᠭ᠎ᠠ ᠪᠠᠷ ᠪᠦᠭ ᠴᠢᠭ ᠬᠠᠷᠪᠤᠵᠤ ᠨᠠᠭᠠᠳᠬᠤ ᠶᠢ ᠴᠡᠭᠡᠷᠯᠡᠨ᠎ᠡ᠂ ᠲᠡᠨᠡᠭ | ᠪᠤᠯᠤᠨ᠎ᠠ ᠭᠡᠳᠡᠭ᠃ | ᠵᠢᠷᠭᠤᠭ᠎ᠠ᠄ ᠬᠠᠪᠤᠷ ᠤᠨ ᠳᠦᠯ ᠳᠤᠰᠴᠤ ᠪᠠᠶᠢᠬᠤ ᠤᠯᠠᠷᠢᠯ ᠳᠤ ᠭᠡᠤᠭᠡᠳ ᠤᠳ ᠱᠠᠭ᠎ᠠ ᠨᠠᠭᠠᠳᠬᠤ ᠶᠢ | ᠴᠡᠭᠡᠷᠯᠡᠨ᠎ᠡ᠂ ᠳᠦᠯ ᠮᠠᠶᠢᠭᠢ ᠪᠤᠯᠤᠨ᠎ᠠ ᠭᠡᠳᠡᠭ᠃ | ᠳᠤᠯᠤᠭ᠎ᠠ᠄ ᠵᠤᠨ ᠤ ᠪᠤᠷᠤᠭᠠᠨ ᠲᠠᠢ ᠡᠳᠤᠷ ᠱᠠᠭ᠎ᠠ ᠨᠠᠭᠠᠳᠬᠤ ᠶᠢ ᠴᠡᠭᠡᠷᠯᠡᠨ᠎ᠡ᠂ ᠲᠡᠭᠷᠢ ᠳᠤᠤᠭᠠᠷᠴᠤ | ᠠᠶᠤᠩᠭ᠎ᠠ ᠪᠠᠭᠤᠨ᠎ᠠ ᠭᠡᠳᠡᠭ᠃ | ᠨᠠᠢᠮᠠ᠄ ᠰᠦᠨᠢᠳ ᠨᠤᠳᠤᠭ ᠲᠤ ᠱᠠᠭ᠎ᠠ ᠨᠠᠭᠠᠳᠬᠤ ᠳᠠᠭᠠᠨ ᠢᠵᠢᠯᠢ ᠮᠤᠷᠢ ᠪᠤᠰᠪᠠᠯ ᠬᠤᠭᠤᠷᠤᠨᠳᠤ ᠨᠢ | ᠬᠠᠷᠪᠤᠬᠤ ᠶᠢ ᠤᠨᠴᠠ ᠴᠡᠭᠡᠷᠯᠡᠨ᠎ᠡ᠂ ᠵᠠᠶᠠᠭ᠎ᠠ ᠭᠡᠶᠢᠮᠤᠷᠢ ᠭᠡᠪᠲᠡᠨᠡ ᠭᠡᠳᠡᠭ᠃ | ᠶᠢᠰᠤ᠄ ᠶᠠᠰᠤ ᠪᠡᠷᠳᠡᠭᠰᠡᠨ ᠬᠦᠮᠤᠨ ᠡᠳᠡᠭᠡᠷᠡᠬᠦ ᠠᠴᠠ ᠡᠮᠤᠨ᠎ᠡ ᠱᠠᠭ᠎ᠠ ᠨᠠᠭᠠᠳᠬᠤ ᠶᠢ ᠴᠡᠭᠡᠷᠯᠡᠨ᠎ᠡ᠂ ᠶᠠᠰᠤᠨ ᠤ | ᠡᠳᠡᠭᠡᠷᠡᠯᠲᠡ ᠳᠤ ᠮᠠᠭᠤ ᠭᠡᠳᠡᠭ᠃ | ᠠᠷᠪᠠ᠄ ᠴᠢᠨ᠋ᠸ᠎ᠡ ᠢᠳᠡᠭᠰᠡᠨ ᠮᠠᠯ ᠤᠨ ᠱᠠᠭ᠎ᠠ ᠶᠢ ᠲᠡᠭᠷᠢ ᠶᠢᠨ ᠨᠤᠬᠠᠢ ᠶᠢᠨ ᠭᠡᠰᠢᠭ ᠭᠡᠵᠤ ᠠᠪᠴᠤ | ᠬᠠᠳᠠᠭᠠᠯᠠᠬᠤ ᠠᠴᠠ ᠪᠢᠰᠢ᠂ ᠨᠠᠭᠠᠳᠤᠮ ᠳᠤᠭᠯᠠᠭᠠᠮ ᠳᠤ ᠭᠡᠷᠡᠭᠯᠡᠬᠦ ᠶᠢ ᠴᠡᠭᠡᠷᠯᠡᠨ᠎ᠡ᠃ | ᠠᠷᠪᠠᠨ ᠨᠢᠭᠡ᠄ ᠰᠡᠳᠡᠷ ᠲᠠᠢ ᠮᠠᠯ᠂ ᠲᠠᠷᠬᠠᠯᠠᠭᠰᠡᠨ ᠮᠠᠯ ᠦᠬᠦᠪᠡᠯ᠂ ᠱᠠᠭ᠎ᠠ ᠶᠢ ᠠᠪᠴᠤ ᠬᠠᠳᠠᠭ ᠲᠤ | ᠪᠤᠭᠤᠵᠤ ᠬᠠᠳᠠᠭᠠᠯᠠᠨ᠎ᠠ᠃ ᠨᠠᠭᠠᠳᠤᠮ ᠳᠤᠭᠯᠠᠭᠠᠮ ᠳᠤ ᠭᠡᠷᠡᠭᠯᠡᠬᠦ ᠶᠢ ᠴᠡᠭᠡᠷᠯᠡᠨ᠎ᠡ᠃ | ᠠᠷᠪᠠᠨ ᠬᠤᠶᠠᠷ᠄ ᠭᠡᠤᠭᠡᠳ ᠭᠤᠷᠪᠠᠨ ᠬᠤᠨᠤᠭ ᠵᠠᠯᠭᠠᠪᠠᠷ ᠤᠭᠢᠯᠠᠪᠠᠯ ᠱᠠᠭᠠᠶᠢᠳᠤ ᠴᠢᠮᠤᠭᠡ ᠶᠢᠨ ᠱᠠᠭ᠎ᠠ ᠶᠢ | ᠠᠪᠴᠤ ᠬᠠᠳᠠᠭ ᠲᠤ ᠪᠤᠭᠤᠵᠤ ᠬᠠᠳᠠᠭᠠᠯᠠᠬᠤ ᠪᠤᠶᠤ ᠭᠡᠤᠭᠡᠳ ᠤᠨ ᠨᠠᠭᠠᠳᠤᠮ ᠳᠤᠨᠢ ᠵᠡᠬᠦᠳᠡᠭ᠂ ᠨᠠᠭᠠᠳᠤᠮ ᠳᠤ | ᠭᠡᠷᠡᠭᠯᠡᠬᠦ ᠶᠢ ᠴᠡᠭᠡᠷᠯᠡᠨ᠎ᠡ᠃ | ᠠᠷᠪᠠᠨ ᠭᠤᠷᠪᠠ᠄ ᠬᠤᠷᠢᠮ ᠤᠨ ᠪᠦᠬᠦᠯᠢ ᠰᠢᠬᠦᠰᠤᠨ ᠤ ᠱᠠᠭᠠᠶᠢᠳᠤ ᠴᠢᠮᠤᠭᠡ ᠶᠢᠨ ᠱᠠᠭ᠎ᠠ ᠶᠢ ᠠᠪᠴᠤ | ᠬᠠᠳᠠᠭ ᠲᠤ ᠪᠤᠭᠤᠵᠤ ᠳᠡᠷᠡ ᠳᠤᠤᠷ᠎ᠠ ᠭᠢᠳᠡᠭ ᠪᠦᠭᠡᠳ ᠰᠠᠶᠢᠬᠠᠨ ᠬᠠᠳᠠᠭᠠᠯᠠᠳᠠᠭ᠂ ᠨᠠᠭᠠᠳᠤᠮ ᠳᠤᠭᠯᠠᠭᠠᠮ ᠳᠤ | ᠭᠡᠷᠡᠭᠯᠡᠬᠦ ᠶᠢ ᠴᠡᠭᠡᠷᠯᠡᠨ᠎ᠡ᠃ | ᠠᠷᠪᠠᠨ ᠳᠦᠷᠪᠠ᠄ ᠮᠡᠷᠭᠡ ᠳᠦᠯᠭᠡ ᠲᠠᠯᠪᠢᠳᠠᠭ ᠱᠠᠭ᠎ᠠ ᠶᠢ ᠨᠠᠭᠠᠳᠤᠮ ᠳᠤᠭᠯᠠᠭᠠᠮ ᠳᠤ ᠬᠡᠷᠡᠭᠯᠡᠬᠦ ᠶᠢ | ᠴᠡᠭᠡᠷᠯᠡᠨ᠎ᠡ᠂ ᠮᠡᠷᠭᠡ ᠳᠦᠯᠭᠡ ᠳᠦᠭᠡᠷᠢᠨ᠎ᠡ ᠭᠡᠳᠡᠭ᠃ | ᠠᠷᠪᠠᠨ ᠲᠠᠪᠤ᠄ ᠬᠤᠷᠠᠭ᠎ᠠ ᠢᠰᠢᠭᠡ ︵ᠳᠦᠯ ᠮᠠᠯ ᠤᠨ ᠱᠠᠭ᠎ᠠ︶ ᠶᠢᠨ ᠱᠠᠭ᠎ᠠ ᠪᠠᠷ ᠨᠠᠭᠠᠳᠬᠤ ᠶᠢ ᠴᠡᠭᠡᠷᠯᠡᠨ᠎ᠡ᠃ | | ᠠᠷᠪᠠᠨ ᠵᠢᠷᠭᠤᠭ᠎ᠠ᠄ ᠱᠠᠭ᠎ᠠ ᠶᠢ ᠵᠠᠰᠠᠵᠤ ᠴᠡᠪᠡᠷᠯᠡᠬᠦ ᠳᠡᠭᠡᠨ ᠱᠠᠭ᠎ᠠ ᠮᠦᠯᠵᠢᠬᠦ ᠭᠡᠵᠤ ᠬᠡᠯᠡᠬᠦ ᠶᠢ ᠴᠡᠭᠡᠷᠯᠡᠨ᠎ᠡ᠂ | ᠬᠠᠷᠢᠨ ᠱᠠᠭ᠎ᠠ ᠵᠠᠰᠠᠬᠤ ᠭᠡᠵᠤ ᠬᠡᠯᠡᠳᠡᠭ᠃ |