ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠ ᠸᠧᠨ ᠽᠦᠩ ᠮᠠᠨ ᠤ ᠬᠤᠰᠢᠭᠤᠨ ᠳᠤ ᠢᠷᠡᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/7/19
      6 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠ ᠸᠧᠨ ᠽᠦᠩ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠬᠥᠪᠴᠢᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠬᠤᠶᠠᠳᠤᠭᠠᠷ ᠨᠠᠮ ᠤᠨ ᠡᠭᠦᠷ ᠲᠤ ᠭᠦᠨᠵᠡᠭᠡᠶᠢᠷᠡᠵᠦ᠂ ᠨᠠᠮ  ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ ᠪᠥᠭᠡᠳ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ᠂  ᠳᠡᠳ᠋ ᠬᠤᠰᠢᠭᠤ ᠳᠠᠷᠤᠭ᠎ᠠ ᠴᠠᠩ ᠵᠧᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠵᠢᠶᠠ ᠸᠧᠨ ᠽᠦᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠵᠡᠷᠭᠡ ᠠᠭᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠨᠠᠮ ᠤᠨ ᠭᠡᠰᠢᠭᠦᠳ ᠲᠤ ᠠᠮᠢᠳᠤᠯᠢᠭ᠂ ᠭᠦᠨᠵᠡᠭᠡᠢ ᠨᠠᠮ ᠤᠨ ᠬᠢᠴᠢᠶᠡᠯ ᠢ ᠵᠢᠭᠠᠵᠤ ᠥᠭᠪᠡ᠃      ᠵᠢᠶᠠ ᠸᠧᠨ ᠽᠦᠩ᠂《ᠬᠤᠶᠠᠷ ᠶᠡᠭᠡ ᠶᠠᠪᠤᠳᠠᠯ》 ᠢ ᠰᠠᠶᠢᠲᠤᠷ ᠬᠢᠬᠦ ᠳᠤ ᠠᠩᠬᠠᠷᠤᠯ ᠢᠶᠠᠨ         ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠲᠠᠢ ᠨᠢᠭᠲᠠ ᠤᠶᠠᠯᠳᠤᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ 》 ᠢ ᠭᠦᠨᠵᠡᠭᠡᠢ ᠣᠶᠢᠯᠠᠭᠠᠵᠤ᠂ ᠭᠤᠣᠯ ᠵᠣᠷᠢᠯᠲᠠ ᠪᠠ 《 ᠵᠢᠷᠭᠤᠭᠠᠨ ᠰᠠᠬᠢᠯᠭ᠎ᠠ ᠪᠠᠲᠤ 》 ᠶᠢᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠰᠠᠬᠢᠬᠤ  ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠳᠠᠭᠠᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ ᠨᠠᠮ  ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠶᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ  ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠡᠯ᠎ᠡ ᠵᠦᠶᠯ ᠤᠨ ᠠᠵᠢᠯ ᠢᠶᠠᠨ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠣᠯᠠᠨ ᠲᠦᠮᠡᠨ ᠳᠤ ᠦᠨᠡᠨ ᠰᠡᠳᠬᠢᠯ ᠠᠴᠠ ᠪᠠᠨ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠶᠳᠪᠦᠷᠢᠯᠡᠨ ᠥᠭᠴᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠦᠨᠡᠨ ᠬᠦ ᠴᠡᠭᠴᠡᠯᠡᠨ ᠵᠠᠰᠠᠵᠤ᠂ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号