ᠰᠣᠯᠣᠩᠭ᠎ᠠ ᠨᠣᠮ ᠤᠨ ᠰᠠᠩ ᠤᠨ ᠫᠠᠶᠢᠰᠠ ᠰᠡᠬᠦᠬᠦ ᠶᠤᠰᠤᠯᠠᠯ ᠵᠢᠴᠢ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠠᠬᠤ ᠶᠣᠰᠣᠯᠠᠯ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/19
      6 ᠳ᠋ᠤᠭᠠᠷ ᠰᠠᠷ᠎ᠠ ᠶᠢᠨ 21 ᠤ ᠡᠳᠦᠷ᠂ ᠰᠣᠯᠣᠩᠭ᠎ᠠ ᠨᠣᠮ ᠤᠨ ᠰᠠᠩ ᠤᠨ ᠫᠠᠶᠢᠰᠠ ᠰᠡᠬᠦᠬᠦ ᠶᠤᠰᠤᠯᠠᠯ ᠵᠢᠴᠢ ᠬᠠᠶᠢᠷ᠎ᠠ ᠬᠠᠯᠠᠮᠵᠢ ᠶᠢᠨ ᠡᠳ᠋ ᠪᠣᠳᠠᠰ ᠬᠠᠨᠳᠢᠪᠯᠠᠬᠤ ᠶᠣᠰᠣᠯᠠᠯ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ  ᠳᠤ ᠶᠠᠪᠤᠭᠳᠠᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ᠂ ᠬᠤᠰᠢᠭᠤ ᠳᠡᠳ᠋ ᠳᠠᠷᠤᠭ᠎ᠠ ᠶᠣᠣ ᠬᠠᠶ ᠰᠢᠶᠠ ᠪᠤᠯᠤᠨ ᠵᠢᠢ ᠪᠢᠶᠤᠤ ᠰᠢᠨᠵᠢᠯᠡᠭᠡ ᠮᠡᠷᠭᠡᠵᠢᠯ ᠤᠨ ᠬᠡᠷᠡᠭ ᠮᠡᠳᠡᠭᠴᠢᠳ ᠤᠨ ᠳᠠᠷᠤᠭ᠎ᠠ᠂ ᠰᠤᠯᠤᠩᠭ᠎ᠠ ᠨᠣᠮ ᠤᠨ ᠰᠠᠩ ᠲᠥᠯᠥᠪᠯᠡᠭᠡ ᠶᠢ ᠰᠠᠨᠠᠭᠠᠴᠢᠯᠠᠭᠴᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠶᠥᠩ᠂ ᠯᠢ ᠵᠢᠶᠠ ᠴᠢ ᠨᠡᠶᠢᠲᠡ ᠶᠢᠨ ᠠᠰᠠᠷᠠᠮᠵᠢ ᠶᠢᠨ ᠭᠤᠤᠯ ᠬᠠᠷᠢᠭᠤᠴᠠᠯᠭᠠᠲᠠᠨ ᠯᠢ ᠸᠧᠨ ᠯᠢ ᠵᠡᠷᠭᠡ ᠪᠡᠭᠡᠵᠢᠩ᠂ ᠱᠠᠩᠬᠠᠶ ᠵᠡᠷᠭᠡ ᠭᠠᠵᠠᠷ ᠤᠨ ᠬᠤᠷᠢᠨ ᠬᠡᠳᠦᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠠᠷᠢᠭᠤᠴᠠᠯᠭᠠᠲᠠᠳ ᠠᠵᠢᠯᠯᠠᠭ᠎ᠠ ᠳᠤ ᠣᠷᠤᠯᠴᠠᠵᠤ᠂ ᠬᠠᠮᠲᠤ  ᠪᠠᠷ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠯᠤᠩᠭ᠎ᠠ ᠨᠣᠮ ᠤᠨ ᠰᠠᠩ ᠳᠤ ᠫᠠᠶᠢᠰᠠ ᠣᠯᠭᠤᠪᠠ  ᠃      ᠶᠣᠰᠣᠯᠠᠯ ᠤᠨ ᠠᠬᠤᠢ ᠲᠠᠯᠠᠪᠠᠢ ᠳᠤ᠂ ᠬᠠᠮᠲᠦᠪᠡᠷ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ  ᠃      ᠶᠣᠣ ᠬᠠᠶ ᠰᠢᠶᠠ ᠠᠯᠤᠰ ᠬᠤᠯᠠ ᠠᠴᠠ ᠬᠦᠷᠦᠯᠴᠡᠨ ᠢᠷᠡᠭᠰᠡᠨ ᠬᠠᠨᠳᠢᠪ ᠬᠦᠷᠭᠡᠭᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡᠪᠡᠷ ᠨᠣᠮ ᠪᠣᠯ ᠬᠥᠮᠦᠨ ᠲᠥᠷᠥᠯᠬᠢᠲᠡᠨ ᠤ ᠳᠠᠪᠰᠢᠯᠲᠠ ᠶᠢᠨ ᠱᠠᠲᠤ ᠮᠥᠨ᠂ ᠰᠤᠯᠤᠩᠭ᠎ᠠ ᠨᠣᠮ ᠤᠨ ᠰᠠᠩ ᠤᠨ ᠨᠡᠶᠢᠲᠡ ᠶᠢᠨ ᠠᠰᠠᠷᠠᠮᠵᠢ ᠶᠢᠨ ᠲᠥᠯᠥᠪᠯᠡᠭᠡ ᠨᠢ ᠵᠠᠯᠠᠭᠤᠴᠤᠳ ᠪᠠᠭᠠᠴᠤᠳ ᠲᠤ ᠡᠳ᠋ ᠪᠣᠳᠠᠰ ᠬᠠᠨᠳᠢᠪᠯᠠᠭᠰᠠᠨ ᠢᠶᠠᠷ ᠪᠠᠷᠠᠬᠤ ᠥᠬᠡᠶ ᠨᠠᠩ ᠴᠤ ᠲᠡᠳᠡᠨ ᠳᠤ ᠳᠡᠯᠡᠬᠡᠶ ᠶᠢᠷᠲᠢᠨᠴᠦ ᠶᠢ ᠬᠤᠯᠪᠣᠬᠤ ᠬᠥᠭᠦᠷᠭᠡ ᠲᠠᠯᠪᠢᠵᠤ ᠥᠭᠴᠡᠶ᠂ ᠬᠤᠶᠢᠰᠢᠳᠠ ᠰᠤᠷᠤᠭᠴᠢᠳ ᠨᠣᠮ ᠠᠴᠠ ᠬᠥᠮᠦᠨ ᠤ ᠠᠮᠢᠳᠤᠷᠠᠯ ᠤᠨ ᠤᠷᠤᠭᠰᠢᠯᠠᠬᠤ ᠴᠢᠭᠯᠡᠯ ᠢ ᠡᠷᠢᠵᠦ᠂ ᠳᠤᠮᠳᠠᠳᠤ ᠶᠢᠨ ᠰᠣᠶᠣᠯ  ᠤᠨ ᠥᠷᠭᠡᠨ ᠳᠡᠯᠭᠡᠷ ᠭᠦᠨ ᠭᠦᠨᠵᠡᠭᠡᠶ ᠶᠢ ᠣᠶᠢᠯᠠᠭᠠᠵᠤ᠂ ᠦᠨᠳᠦᠰᠦᠲᠡᠨ ᠤ ᠪᠦᠯᠬᠦᠮᠳᠡᠯ ᠤᠨ ᠡᠯᠪᠡᠭ ᠪᠠᠶᠠᠯᠢᠭ ᠠᠭᠤᠯᠤᠭᠳᠠᠬᠤᠨ ᠢ ᠣᠶᠢᠯᠠᠭᠠᠬᠤ ᠶᠢ ᠬᠦᠰᠡᠵᠦ ᠪᠠᠶᠢᠨ᠎ᠠ ᠭᠡᠵᠡᠢ  ᠃      ᠰᠣᠯᠣᠩᠭ᠎ᠠ ᠨᠣᠮ ᠤᠨ ᠰᠠᠩ ᠢ ᠡᠭᠦᠰᠭᠡᠨ ᠪᠠᠶᠢᠭᠤᠯᠤᠭᠴᠢ ᠸᠠᠩ ᠶᠥᠩ ᠢᠯᠡᠷᠬᠡᠶᠢᠯᠡᠬᠦ ᠳᠡᠭᠡᠨ᠂ ᠨᠣᠮ ᠤᠩᠰᠢᠭᠰᠠᠨ ᠠᠴᠠ ᠪᠣᠶᠢᠳᠠ ᠪᠥᠭᠯᠡᠭᠦᠦ ᠠᠭᠤᠯᠠᠨ ᠲᠣᠰᠬᠤᠨ ᠤ ᠬᠦᠮᠦᠰ ᠠᠮᠢᠳᠤᠷᠠᠯ ᠤᠨ ᠡᠷᠭᠢᠯᠲᠡ ᠶᠢᠨ ᠴᠡᠭ ᠢᠶᠠᠨ ᠣᠯᠵᠤ᠂ ᠳᠡᠯᠡᠬᠡᠢ ᠳ᠋ᠠᠬᠢᠨ ᠲᠠᠢ ᠨᠡᠭᠡᠭᠡᠯᠲᠡ ᠲᠠᠢ ᠬᠠᠷᠢᠯᠴᠠᠵᠦ ᠳᠡᠶᠢᠯᠬᠦ ᠪᠣᠯᠵᠠᠶ᠂ ᠰᠣᠯᠣᠩᠭ᠎ᠠ ᠨᠡᠶᠢᠲᠡ ᠶᠢᠨ ᠠᠰᠠᠷᠠᠮᠵᠢ ᠶᠢᠨ ᠨᠣᠮ ᠤᠨ ᠰᠠᠩ ᠨᠢ ᠰᠤᠷᠭᠠᠭᠤᠯᠢ ᠶᠢᠨ ᠬᠦᠷᠢᠶᠡᠨ ᠠᠴᠠ ᠭᠠᠳᠠᠨᠠᠬᠢ ᠪᠠᠰᠠ ᠨᠢᠭᠡ ᠰᠤᠷᠭᠠᠨ ᠬᠥᠮᠦᠵᠢᠯ ᠤᠨ ᠲᠠᠪᠴᠠᠩ ᠪᠣᠯᠵᠣ᠂ ᠬᠠᠷᠠᠭ᠎ᠠ ᠪᠠᠨ ᠥᠷᠭᠡᠳᠬᠡᠨ᠂ ᠴᠤᠭ ᠰᠦᠯᠳᠡ ᠪᠠᠨ ᠪᠠᠳᠠᠷᠠᠭᠤᠯᠵᠤ᠂ ᠥᠪᠡᠷ ᠢ  ᠪᠠᠨ ᠰᠤᠷᠤᠯᠴᠠᠬᠤ᠂ ᠥᠪᠡᠷ ᠢ ᠪᠠᠨ ᠬᠥᠮᠦᠵᠢᠭᠦᠯᠬᠦ ᠪᠠ ᠥᠪᠡᠷ ᠢ ᠪᠠᠨ ᠪᠣᠶᠢᠵᠢᠭᠤᠯᠬᠤ ᠵᠠᠮ ᠢᠶᠠᠷ ᠵᠠᠮᠨᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠶ  ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠬᠠᠨᠳᠢᠪᠯᠠᠭᠰᠠᠨ ᠡᠳ᠋ ᠪᠣᠳᠠᠰ ᠨᠢ ᠠᠷᠠᠳ ᠤᠨ ᠵᠣᠭᠤᠰ ᠢᠶᠠᠷ 550 ᠭᠠᠷᠤᠶ ᠲᠦᠮᠡᠨ ᠲᠥᠭᠦᠷᠢᠭ ᠲᠤ ᠬᠦᠷᠴᠡᠶ᠂ ᠡᠭᠦᠨ ᠳᠤ ᠡᠬᠡ ᠨᠢᠯᠬᠠᠰ ᠤᠨ ᠨᠠᠷᠠᠲᠤ ᠲᠡᠮᠳᠡᠭᠲᠦ BeBeBus ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠠᠨᠳᠢᠪᠯᠠᠭᠰᠠᠨ ᠬᠠᠶᠢᠷ᠎ᠠ ᠬᠠᠯᠠᠮᠵᠢ ᠶᠢᠨ ᠨᠣᠮ ᠤᠨ ᠰᠠᠩ ᠵᠴᠢ ᠭᠤᠷᠪᠠᠨ ᠮᠢᠩᠭᠠᠨ ᠳᠡᠪᠲᠡᠷ ᠨᠣᠮ ᠪᠠᠭᠲᠠᠨ᠎ᠠ᠂ ᠪᠤᠰᠤᠳ ᠠᠵᠤ ᠠᠬᠤᠶᠢᠯᠠᠯ ᠤᠨ ᠬᠠᠨᠳᠢᠪᠯᠠᠭᠰᠠᠨ ᠡᠳ᠋ ᠪᠠᠷᠠᠭ᠎ᠠ ᠳᠤ ᠨᠢᠳᠦ ᠬᠠᠮᠠᠭᠠᠯᠠᠬᠤ ᠳ᠋ᠧᠩ᠂ ᠲᠡᠮᠳᠡᠭᠯᠡᠯ ᠤᠨ ᠳᠡᠪᠲᠡᠷ ᠵᠡᠷᠭᠡ ᠰᠣᠶᠣᠯ ᠪᠠ ᠪᠡᠶ᠎ᠡ ᠶᠢᠨ ᠲᠠᠮᠢᠷ ᠤᠨ ᠬᠡᠷᠡᠭᠰᠡᠯ ᠵᠢᠴᠢ ᠥᠲᠥᠨ ᠬᠤᠪᠴᠠᠰᠤ᠂ ᠠᠷᠢᠭᠤᠳᠬᠠᠭᠤᠷ᠂ ᠤᠰᠤᠨ ᠴᠣᠮᠣ ᠵᠡᠷᠭᠡ ᠠᠮᠢᠳᠤᠷᠠᠯ ᠤᠨ ᠬᠡᠷᠡᠭᠰᠡᠯ ᠪᠠᠭᠲᠠᠨ᠎ᠠ᠃      ᠶᠣᠰᠣᠯᠠᠯ ᠳᠠᠭᠤᠰᠤᠭᠰᠠᠨ ᠤ ᠳᠠᠷᠠᠭ᠎ᠠ᠂ ᠪᠥᠬᠦ ᠬᠥᠮᠦᠰ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠰᠤᠯᠤᠩᠭ᠎ᠠ ᠨᠣᠮ ᠤᠨ ᠰᠠᠩ ᠳᠤ ᠬᠦᠷᠴᠦ ᠲᠣᠭᠤᠷᠢᠨ ᠦᠵᠡᠭᠰᠡᠨ ᠪᠥᠭᠡᠳ ᠲᠤᠬᠠᠶ  ᠶᠢᠨ ᠲᠠᠯᠠᠪᠠᠶ ᠳᠤ ᠨᠣᠮ ᠦᠵᠡᠬᠦ ᠪᠠᠷ ᠢᠷᠡᠭᠰᠡᠨ ᠰᠤᠷᠤᠭᠴᠢᠳ ᠢ ᠬᠤᠶᠢᠰᠢᠳᠠ ᠨᠣᠮ ᠤᠨ ᠰᠠᠩ ᠳᠤ ᠢᠯᠡᠭᠦᠬᠡᠨ ᠣᠷᠣᠵᠤ᠂ ᠨᠣᠮ ᠤᠨ ᠰᠠᠩ ᠤᠨ ᠡᠬᠢ ᠪᠠᠶᠠᠯᠢᠭ ᠢ ᠰᠠᠶᠢᠲᠤᠷ ᠠᠰᠢᠭᠯᠠᠨ ᠥᠪᠡᠷ ᠤᠨ ᠣᠶᠤᠨ ᠰᠠᠨᠠᠭᠠᠨ ᠤ ᠶᠢᠷᠲᠢᠨᠴᠦ ᠪᠠᠨ ᠲᠡᠭᠦᠯᠳᠡᠷᠵᠢᠭᠦᠯᠬᠦ ᠶᠢ ᠵᠣᠷᠢᠭᠵᠢᠭᠤᠯᠪᠠ᠃      ᠰᠤᠯᠤᠩᠭ᠎ᠠ ᠨᠣᠮ ᠤᠨ ᠰᠠᠩ ᠲᠥᠯᠥᠪᠯᠡᠭᠡ ᠪᠣᠯ 2019 ᠣᠨ ᠤ 4 ᠰᠠᠷ᠎ᠠ ᠳᠤ ᠺᠧ ᠳ᠋ᠤᠤ ᠰᠡᠳᠬᠦᠯ ᠤᠨ ᠬᠤᠷᠢᠶ᠎ᠠ ᠠᠴᠠ  20 ᠭᠠᠷᠤᠶ ᠠᠵᠤ ᠠᠬᠤᠶᠢᠯᠠᠯ ᠲᠠᠢ ᠬᠠᠮᠲᠤ ᠪᠠᠷ ᠡᠭᠦᠰᠭᠡᠭᠰᠡᠨ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠤᠨ᠎ᠠ  ᠃ ᠠᠵᠢᠯᠯᠠᠭ᠎ᠠ ᠨᠢ ᠵᠠᠰᠠᠭ ᠤᠨ ᠣᠷᠳᠣᠨ᠂ ᠠᠵᠤ ᠠᠬᠤᠶᠢᠯᠠᠯ᠂ ᠠᠷᠠᠳ ᠤᠨ ᠵᠣᠬᠢᠶᠠᠨ ᠪᠠᠶᠢᠭᠤᠯᠤᠯᠲᠠ ᠵᠢᠴᠢ ᠬᠠᠶᠢᠷ᠎ᠠ ᠬᠠᠯᠠᠮᠵᠢ ᠬᠦᠷᠭᠡᠬᠦ ᠬᠤᠪᠢ ᠬᠥᠮᠦᠨ ᠤ ᠵᠣᠭᠤᠰ ᠮᠥᠩᠭᠦ ᠡᠳ᠋ ᠪᠣᠳᠠᠰ ᠬᠠᠨᠳᠢᠪᠯᠠᠬᠤ᠂ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠰᠤᠷᠤᠯᠭ᠎ᠠ ᠶᠢ ᠬᠠᠪᠰᠤᠷᠤᠨ ᠵᠢᠭᠠᠨ ᠰᠤᠷᠭᠠᠬᠤ ᠵᠡᠷᠭᠡ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠳᠠᠮᠵᠢᠭᠤᠯᠤᠨ᠂ ᠬᠠᠪᠰᠤᠷᠤᠯᠭ᠎ᠠ ᠬᠦᠰᠡᠭᠴᠢ ᠬᠡᠦᠬᠡᠳ ᠨᠢᠭᠡᠪᠦᠷᠢ ᠳᠤ ᠲᠤᠰᠠᠯᠠᠮᠵᠢ ᠬᠦᠷᠲᠡᠭᠡᠳᠡᠭ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号