ᠵᠤᠨ ᠤ ᠴᠡᠯᠮᠡᠭᠦᠨ ᠡᠳᠦᠷ ᠲᠤ ᠶᠠᠪᠤᠭᠳᠠᠭᠰᠠᠨ ᠭᠠᠵᠠᠷ ᠤᠨ ᠪᠦᠮᠪᠦᠭᠡ ᠶᠢᠨ ᠤᠷᠤᠯᠳᠤᠭᠠᠨ
ᠨᠡᠶᠢᠲᠡᠯᠡᠭᠰᠡᠨ ᠴᠠᠭ᠄
2024/7/19
      6 ᠰᠠᠷ᠎ᠠ ᠶᠢᠨ 25 ᠤ ᠡᠳᠦᠷ᠂ ᠬᠤᠰᠢᠭᠤ ᠬᠥᠯ ᠪᠥᠮᠪᠦᠭᠡ ᠶᠢᠨ ᠲᠠᠯᠠᠪᠤᠷ ᠤᠨ  ᠲᠠᠪᠤᠨ ᠬᠥᠮᠥᠨ ᠤ ᠳᠦᠷᠢᠮᠲᠤ ᠲᠠᠯᠠᠪᠤᠷ ᠲᠤ᠂ ᠬᠤᠰᠢᠭᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠠᠴᠠ ᠭᠤᠤᠯᠯᠠᠨ ᠡᠷᠬᠢᠯᠡᠵᠦ᠂ ᠬᠦᠷᠢᠶᠡᠲᠤᠨᠠᠭᠤᠷ ᠰᠤᠮᠤᠨ ᠤ ᠠᠯᠳ᠋ᠬᠠᠮᠡᠭᠡᠯ ᠭᠠᠴᠠᠭᠠᠨ ᠠᠴᠠ ᠳᠠᠭᠠᠭᠠᠴᠢᠯᠠᠨ ᠡᠷᠬᠢᠯᠡᠭᠰᠡᠨ        ︽ᠠᠯᠳ᠋ᠬᠠᠮᠡᠭᠡᠯ︾ ᠬᠤᠨᠳᠠᠭᠠᠲᠤ ᠭᠠᠵᠠᠷ ᠤᠨ ᠪᠦᠮᠪᠦᠭᠡ ᠶᠢᠨ ᠤᠷᠤᠯᠳᠤᠭᠠᠨ ᠨᠠᠰᠤᠳᠠᠶᠢᠴᠤᠳ ᠤᠨ ᠳᠤᠮᠳᠠ ᠭᠦᠭᠵᠢᠶᠡᠨ   ᠲᠠᠢ ᠰᠠᠶᠢᠬᠠᠨ ᠶᠠᠪᠤᠭᠳᠠᠯ᠎ᠠ᠃      ᠣᠷᠣᠯᠳᠤᠭᠠᠨ ᠤ ᠠᠬᠤᠢ ᠲᠠᠯᠠᠪᠠᠢ ᠳᠤ ᠨᠠᠰᠤᠲᠠᠶᠢᠴᠤᠳ ᠤᠶᠠᠨ ᠳᠠᠳᠮᠠᠭᠠᠢ ᠬᠦᠳᠡᠯᠵᠦ᠂ ᠭᠠᠷ ᠳᠠᠬᠢ ᠴᠣᠬᠢᠭᠤᠷ ᠢᠶᠠᠨ ᠠᠳᠬᠤᠨ᠂ ᠤᠨᠢᠯᠠᠬᠤ᠂ ᠴᠣᠬᠢᠬᠤ ᠬᠥᠳᠡᠯᠭᠡᠭᠡᠨ  ᠢᠶᠠᠨ ᠰᠢᠭᠤᠳ ᠰᠢᠯᠤᠭᠤᠨ  ᠬᠦᠢᠴᠡᠳᠬᠡᠵᠦ᠂  ᠦᠳᠡᠯᠡᠭᠡ ᠨᠠᠰᠤᠨ ᠤ ᠪᠠᠶᠠᠷ ᠪᠠᠭ᠋ᠠᠳᠤᠯ ᠢᠶᠠᠨ  ᠬᠠᠷᠠᠭᠤᠯᠤᠨ᠎ᠠ᠃      ᠣᠷᠣᠯᠳᠤᠭᠠᠨ ᠤ ᠡᠴᠤᠰ ᠳᠤ᠂ ᠠᠯᠳ᠋ᠬᠠᠮᠡᠭᠡᠯ ᠭᠠᠴᠠᠭ᠎ᠠ ᠬᠠᠮᠲᠤ ᠶᠢᠨ ᠨᠢᠭᠡᠳᠦᠭᠡᠷ ᠳᠡᠰ᠂ ᠪᠠᠶᠠᠨᠴᠠᠭᠠᠨ ᠭᠠᠴᠠᠭ᠎ᠠ ᠪᠤᠯᠤᠨ ᠬᠦᠲᠦᠯᠠᠤᠪᠤᠭ᠎ᠠ ᠭᠠᠴᠠᠭ᠎ᠠ ᠬᠤᠶᠠᠷ᠂ ᠭᠤᠷᠪᠠᠳᠤᠭᠠᠷ ᠳᠡᠰ ᠲᠤ ᠤᠷᠤᠵᠦ᠂ ᠬᠤᠪᠢ ᠬᠦᠮᠦᠨ ᠤ ᠬᠢᠷᠢ ᠪᠦᠲᠦᠮᠵᠢ ᠳᠤ ᠡᠷᠳᠡᠨᠢᠳᠦ᠋ᠭᠦᠷᠡᠩ᠂ ᠪᠤᠯᠠᠭ᠂ ᠸᠠᠩ ᠢ᠂ ᠪᠦᠬᠡᠬᠠᠳᠠ ᠨᠢᠭᠡ ᠠᠴᠠ ᠳᠦᠷᠪᠡᠳᠦᠭᠡᠷ ᠳᠡᠰ ᠢᠶᠠᠷ ᠴᠤᠯᠭᠤᠷᠠᠭᠰᠠᠨ ᠪᠠᠶᠢᠨ᠎ᠠ᠃      ᠲᠤᠰ ᠤᠳᠠᠭᠠᠨ ᠤ ᠭᠠᠵᠠᠷ ᠤᠨ ᠪᠦᠮᠪᠦᠭᠡ ᠶᠢᠨ ᠤᠷᠤᠯᠳᠤᠭᠠᠨ ᠨᠢ᠂ ᠮᠠᠨ ᠤ ᠬᠤᠰᠢᠭᠤᠨ ᠤ ᠨᠠᠰᠤᠲᠠᠶᠢᠴᠤᠳ ᠤᠨ  ᠬᠠᠷᠢᠯᠴᠠᠨ ᠰᠣᠷᠣᠯᠴᠠᠵᠤ᠂ ᠮᠡᠷᠭᠡᠵᠢᠯ ᠢᠶᠠᠨ ᠬᠤᠪᠢᠶᠠᠯᠴᠠᠬᠤ᠂ ᠨᠥᠬᠦᠷᠯᠡᠯ ᠢᠶᠠᠨ ᠵᠤᠵᠠᠭᠠᠳᠬᠠᠬᠤ ᠳᠤ ᠲᠠᠪᠴᠠᠩ ᠬᠠᠨᠭ᠍ᠭᠠᠭᠰᠠᠨ ᠢᠶᠠᠷ ᠪᠠᠷᠠᠬᠤ ᠦᠬᠡᠢ᠂ ᠨᠠᠰᠤᠲᠠᠶᠢᠴᠤᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ  ᠳᠤ  ᠭᠦᠨᠵᠡᠭᠡᠢ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号