ᠬᠦᠴᠦᠨ ᠢᠶᠠᠨ ᠲᠥᠪᠯᠡᠷᠡᠭᠦᠯᠦᠨ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠵᠤ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/7/19
    ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠦᠴᠦᠨ ᠢᠶᠠᠨ ᠲᠥᠪᠯᠡᠷᠡᠭᠦᠯᠦᠨ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠵᠤ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠵᠦ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢ ᠡᠷᠭᠢᠮᠯᠡᠭᠦ ᠶᠢ ᠦᠭᠡ ᠶᠠᠷᠢᠶ᠎ᠠ ᠦᠢᠯᠡ ᠠᠵᠢᠯᠯᠠᠭ᠎ᠠ᠂ ᠪᠢᠴᠢᠭ ᠮᠠᠲ᠋ᠧᠷᠢᠶᠠᠯ ᠬᠤᠷᠠᠯ ᠴᠤᠭᠯᠠᠭᠠᠨ᠂ ᠡᠳᠦᠷ ᠲᠤᠲᠤᠮ ᠤᠨ ᠠᠮᠢᠳᠤᠷᠠᠯ ᠳᠤᠮᠳᠠ ᠢᠯᠡᠷᠡᠭᠦᠯᠪᠡ᠃ ᠡᠯᠪᠡᠭ ᠪᠠᠶᠠᠯᠢᠭ ᠣᠯᠠᠨ ᠶᠠᠩᠵᠤ ᠶᠢᠨ ᠰᠤᠷᠤᠯᠴᠠᠬᠤ ᠭᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠮᠥᠵᠢᠭᠦᠯᠦᠨ ᠵᠢᠯᠤᠭᠤᠳᠴᠤ᠂ ᠬᠠᠷᠢᠭᠤᠴᠠᠯᠭ᠎ᠠ ᠡᠭᠦᠷᠭᠡᠯᠡᠨ ᠵᠣᠬᠢᠶᠠᠨ ᠪᠠᠶᠢᠭᠤᠯᠤᠯᠲᠠ ᠠᠴᠠ ᠲᠤᠰᠢᠶᠠᠭᠰᠠᠨ ᠡᠭᠦᠷᠭᠡ ᠶᠢ ᠰᠠᠶᠢᠲᠤᠷ ᠬᠢᠪᠡ᠃ ︽ᠬᠡᠷᠡᠭ ᠢᠶᠠᠷ ᠳᠥᠷᠪᠡᠨ ᠤᠴᠢᠷ ᠶᠣᠰᠣ ᠶᠢ ᠶᠠᠷᠢᠬᠤ︾ ᠵᠡᠷᠭᠡ ᠰᠡᠷᠡᠮᠵᠢᠯᠡᠭᠦᠯᠭᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠨᠠᠮ ᠤᠨ ᠵᠠᠷᠴᠢᠮ᠂ ᠰᠠᠬᠢᠯᠭ᠎ᠠ ᠪᠠᠲᠤ ᠪᠠ ᠶᠣᠰᠣ ᠳᠦᠷᠢᠮ ᠢ ᠴᠢᠩᠭ᠎ᠠ ᠵᠢᠷᠤᠮᠯᠠᠨ ᠠᠵᠢᠯᠯᠠᠵᠤ᠂ ᠲᠡᠮᠦᠷ ᠮᠡᠲᠦ ᠰᠠᠬᠢᠯᠭ᠎ᠠ ᠪᠠᠲᠤ ᠶᠢ ᠦᠨᠡᠨ ᠬᠦ ᠡᠳᠦᠷ ᠲᠤᠲᠤᠮ ᠤᠨ ᠳᠠᠳᠬᠠᠯ ᠪᠠ ᠠᠵᠢᠯᠯᠠᠭᠠᠨ ᠤ ᠪᠠᠷᠢᠮᠵᠢᠶ᠎ᠠ ᠪᠣᠯᠭᠠᠨ ᠬᠤᠪᠢᠷᠠᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠥᠯᠢᠭᠡᠷ ᠳᠠᠭᠤᠷᠢᠶᠠᠯ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠪᠠᠷ ᠬᠦᠴᠦᠯᠡᠨ ᠴᠢᠷᠮᠠᠶᠢᠪᠠ᠃ ᠡᠭᠦᠨ ᠤ ᠬᠠᠮᠲᠤ᠂ ︽ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠬᠤ ᠵᠡᠷᠭᠡ ᠠᠵᠢᠯ ᠤᠨ ᠲᠣᠭᠤᠷᠢᠨ ᠳᠤ᠂ ᠪᠢᠴᠢᠭ ᠮᠠᠲ᠋ᠧᠷᠢᠶᠠᠯ ᠪᠠ ᠬᠤᠷᠠᠯ ᠤᠨ ᠲᠤᠭ᠎ᠠ ᠶᠢ ᠪᠦᠲᠦᠮᠵᠢᠲᠡᠢ ᠪᠠᠭᠠᠰᠬᠠᠵᠤ᠂ ᠤᠯᠠᠨ ᠤ ᠨᠡᠩ ᠤᠯᠠᠨ ᠴᠠᠭ ᠪᠠ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠣᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠡᠭᠡᠷ᠎ᠡ ᠲᠥᠪᠯᠡᠷᠡᠭᠦᠯᠬᠦ ᠶᠢ        ᠠᠬᠢᠭᠤᠯᠪᠠ᠃    ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠲᠠᠯ᠎ᠠ ᠪᠠᠷ ᠪᠣᠳᠠᠲᠠᠢ ᠠᠷᠭ᠎ᠠ ᠠᠪᠴᠤ᠂ ᠠᠵᠢᠯ ᠤᠨ ᠲᠥᠰᠥᠯ ᠲᠣᠭᠲᠠᠭᠠᠨ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠭᠠᠷᠭᠠᠵᠤ᠂ ᠢᠯᠡᠷᠡᠭᠦᠯᠦᠭᠰᠡᠨ ᠠᠰᠠᠭᠤᠳᠠᠯ ᠢ ᠮᠡᠳᠡᠭᠰᠡᠨ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠠᠬᠢᠭᠤᠯᠤᠨ᠂ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠪᠠᠲᠤᠯᠠᠪᠠ᠃ ᠰᠤᠷᠤᠯᠴᠠᠯᠭ᠎ᠠ ᠶᠢᠨ ᠭᠤᠣᠯᠳᠠᠯᠭ᠎ᠠ ᠳᠡᠭᠡᠷ᠎ᠡ ᠦᠨᠡᠨ ᠬᠦ ᠠᠩᠬᠠᠷᠤᠯ ᠢᠶᠠᠨ ᠲᠥᠪᠯᠡᠷᠡᠭᠦᠯᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠰᠤᠷᠤᠯᠴᠠᠬᠤ ᠲᠠᠢ ᠨᠢᠭᠲᠠ ᠤᠶᠠᠯᠳᠤᠭᠤᠯᠤᠨ᠂ ᠲᠥᠪᠯᠡᠷᠡᠭᠦᠯᠦᠨ ᠨᠣᠮ ᠤᠩᠰᠢᠬᠤ ᠲᠤᠰᠬᠠᠢ ᠰᠡᠳᠦᠪᠲᠦ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠦᠭᠦ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠲᠠᠭᠠᠨ ᠰᠤᠷᠤᠯᠴᠠᠭᠤᠯᠪᠠ᠃ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠬᠦ ᠲᠠᠯ᠎ᠠ ᠪᠠᠷ ᠲᠠᠭᠢᠨ ᠰᠢᠨ᠎ᠡ ᠳᠡᠭᠲᠡᠷ ᠲᠤ ᠭᠠᠷᠴᠤ᠂ ᠳᠡᠷᠭᠡᠳᠡᠬᠢ ᠤᠴᠢᠷ ᠶᠠᠪᠤᠳᠠᠯ ᠢᠶᠠᠷ ᠳᠡᠷᠭᠡᠳᠡᠬᠢ ᠬᠥᠮᠥᠨ ᠢᠶᠠᠨ ᠬᠥᠮᠥᠵᠢᠭᠦᠯᠬᠦ ᠶᠢ ᠴᠢᠬᠤᠯᠠᠴᠢᠯᠠᠵᠤ᠂ ᠲᠤᠷᠰᠢᠯᠭ᠎ᠠ ᠰᠤᠷᠭᠠᠮᠵᠢ ᠪᠠᠨ ᠵᠢᠭᠠᠬᠤ ᠮᠠᠲ᠋ᠧᠷᠢᠶᠠᠯ ᠪᠣᠯᠭᠠᠨ ᠬᠤᠪᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠴᠢᠬᠤᠯᠠᠴᠢᠯᠠᠬᠤ᠂ ᠨᠠᠮ ᠤᠨ ᠭᠡᠰᠢᠭᠦᠨ ᠺᠠᠳ᠋ᠷᠴᠤᠳ ᠢ ᠰᠡᠷᠡᠮᠵᠢᠯᠡᠭᠦᠯᠭᠦ᠂ ᠤᠬᠠᠭᠠᠷᠠᠭᠤᠯᠬᠤ ᠶᠢ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ 9 ᠵᠦᠢᠯ ᠤᠨ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ᠂ ᠦᠨᠳᠦᠰᠦᠨ ᠱᠠᠲᠤᠨ ᠤ 26 ᠵᠦᠢᠯ ᠤᠨ ᠳᠠᠷᠤᠭᠠᠰᠤ ᠶᠢ ᠬᠥᠩᠭᠡᠷᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠠᠶᠢᠭᠤᠯᠭ᠎ᠠ ᠶᠢᠨ ᠬᠢᠨ 22 ᠵᠢᠷᠭᠢᠶ᠎ᠡ ᠶᠢᠨ ᠬᠤᠯᠪᠤᠭ᠎ᠠ ᠶᠢ ᠴᠡᠪᠡᠷᠯᠡᠨ ᠨᠡᠶᠢᠳᠬᠡᠵᠦ᠂ ᠡᠯ᠎ᠡ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠢᠨ 1512 ᠵᠢᠷᠭᠢᠶ᠎ᠡ ᠶᠢᠨ ᠬᠤᠯᠪᠤᠭ᠎ᠠ ᠶᠢ ᠴᠡᠪᠡᠷᠯᠡᠨ ᠨᠡᠶᠢᠳᠬᠡᠪᠡ᠃    ᠣᠷᠳᠣᠰ ᠬᠤᠲᠠ ᠲᠥᠷᠥᠯ ᠬᠤᠪᠢᠶᠠᠨ ᠵᠢᠯᠤᠭᠤᠳᠬᠤ᠂ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠵᠤ᠂ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠯᠠᠨ ᠲᠦᠮᠡᠨ ᠳᠤ ᠠᠵᠢᠯ ᠤᠨ ᠦᠷ᠎ᠡ ᠪᠦᠲᠦᠮᠵᠢ ᠶᠢ ᠦᠨᠡᠨ ᠬᠦ ᠮᠡᠳᠡᠭᠦᠯᠪᠡ︔ ᠦᠨᠳᠦᠰᠦᠨ ᠱᠠᠲᠤᠨ ᠤ ᠵᠠᠰᠠᠯᠲᠠ ᠶᠢᠨ      ︽ᠴᠢᠳᠠᠯ ᠠᠴᠠ ᠨᠢ ᠠᠬᠠᠳᠠᠬᠤ︾ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠦᠨᠳᠦᠰᠦᠨ ᠳ᠋ᠠᠶᠢᠲ᠋ᠠ ᠬᠥᠮᠥᠷᠭᠡ︾ ᠪᠠ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ ᠳᠡᠯᠭᠡᠷᠡᠭᠦᠯᠦᠯᠲᠡ ᠶᠢ ᠲᠦᠷᠭᠡᠳᠬᠡᠵᠦ᠂ ᠨᠢᠭᠡᠨᠲᠡ ᠪᠦᠭᠦ ᠬᠤᠳᠠ ᠶᠢᠨ ᠪᠤᠢ ᠪᠦᠬᠦᠢ ᠵᠡᠭᠡᠯᠢ ᠭᠤᠳᠤᠮᠵᠢ ᠰᠦᠯᠵᠢᠶᠡᠨ ᠳᠡᠭᠡᠷ᠎ᠡ ᠠᠵᠢᠯᠯᠠᠵᠤ᠂ ᠦᠨᠳᠦᠰᠦᠨ ᠱᠠᠲᠤᠨ ᠤ ᠮᠡᠳᠡᠭᠦᠯᠦᠯᠲᠡ ᠶᠢᠨ ᠬᠦᠰᠦᠨᠦᠭᠲᠦ ᠶᠢᠨ ᠲᠤᠭ᠎ᠠ ᠬᠡᠮᠵᠢᠶ᠎ᠡ ᠶᠢ ᠦᠨᠡᠨ ᠬᠦ ᠪᠠᠭᠠᠰᠬᠠᠨ᠂ ᠨᠡᠩ ᠤᠯᠠᠨ ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠬᠡᠷᠡᠭᠯᠡᠬᠦ ᠶᠢᠨ ᠬᠠᠮᠲᠤ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠲᠠᠪᠴᠠᠩ ᠳᠤ ᠲᠦᠰᠢᠭᠯᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠪᠤᠯᠤᠩ ᠨᠡᠭᠡᠭᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠶᠠᠪᠤᠴᠠ ᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠪᠠ ᠠᠬᠢᠴᠠ ᠶᠢᠨ ᠦᠷ᠎ᠡ ᠪᠦᠲᠦᠮᠵᠢ ᠶᠢ ᠳ᠋ᠦᠩᠨᠡᠨ ᠤᠬᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠦᠷᠭᠦᠯᠵᠢ ᠦᠵᠡᠯ ᠰᠠᠨᠠᠭᠠᠨ ᠤ ᠰᠡᠷᠡᠮᠵᠢᠯᠡᠭᠦᠯᠦᠯ ᠥᠭᠴᠦ᠂ ᠦᠷᠭᠦᠯᠵᠢ ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠵᠤ᠂ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠣᠯᠭᠠᠪᠠ᠃    ᠡᠷᠢᠶᠡᠨ ᠬᠤᠲᠠ ︽ᠰᠤᠷᠤᠯᠴᠠᠬᠤ᠂ ᠶᠠᠷᠢᠬᠤ᠂ ᠰᠡᠷᠡᠮᠵᠢᠯᠡᠭᠦᠯᠭᠦ᠂ ᠤᠬᠠᠭᠤᠯᠬᠤ᠂ ᠪᠤᠯᠪᠠᠰᠤᠷᠠᠭᠤᠯᠬᠤ᠂ ᠥᠭᠡᠷᠡᠴᠢᠯᠡᠬᠦ︾ 6 ᠲᠠᠯ᠎ᠠ ᠶᠢᠨ ᠲᠣᠭᠤᠷᠢᠨ ᠳᠤ᠂ 16 ᠵᠦᠢᠯ ᠤᠨ ᠠᠵᠢᠯ ᠤᠨ ᠡᠭᠦᠷᠭᠡ᠂ 11 ᠲᠠᠯ᠎ᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠬᠤᠲᠠ ᠶᠢᠨ ᠨᠠᠮ ᠤᠨ ᠬᠤᠷᠢᠶ᠎ᠠ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠨᠠᠶᠢᠳᠠᠪᠤᠷᠢᠵᠢᠭᠤᠯᠬᠤ᠂ ᠨᠠᠮ ᠤᠨ ᠵᠣᠬᠢᠶᠠᠨ ᠪᠠᠶᠢᠭᠤᠯᠤᠯᠲᠠ ᠬᠠᠮᠵᠢᠯᠴᠠᠬᠤ᠂ ᠨᠠᠮ ᠤᠨ ᠭᠡᠰᠢᠭᠦᠨ ᠣᠷᠤᠯᠴᠠᠬᠤ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠲᠡᠭᠡᠳ᠂ ᠬᠦᠷᠢᠶ᠎ᠡ ᠴᠠᠷᠠᠭ᠎ᠠ᠂ ᠴᠠᠭ᠂ ᠠᠭᠤᠯᠭ᠎ᠠ᠂ ᠭᠤᠣᠯᠳᠠᠯᠭ᠎ᠠ ᠲᠠᠢ ᠠᠵᠢᠯ ︽ᠲᠠᠪᠤ ᠶᠢ ᠪᠦᠷᠬᠦᠭᠦᠯᠬᠦ︾ ᠶᠢ ᠦᠨᠡᠨ ᠬᠦ ᠪᠠᠲᠤᠯᠠᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠢ ᠨᠠᠷᠢᠨ ᠨᠢᠮᠪᠠᠢ ᠪᠠᠶᠢᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠵᠢᠱᠢᠶ᠎ᠡ ᠶᠢᠨ ᠪᠤᠯᠤᠩ ᠭᠠᠷᠭᠠᠵᠤ᠂ ᠭᠡᠮᠰᠢᠯ ᠤᠨ ᠳᠦᠷᠰᠦ ᠰᠢᠩᠭᠡᠭᠡᠯᠲᠡ ᠶᠢ ᠦᠵᠡᠭᠦᠯᠵᠦ᠂ ᠰᠡᠷᠡᠮᠵᠢᠯᠡᠭᠦᠯᠭᠦ ᠬᠥᠮᠦᠵᠢᠯ ᠢ ᠨᠠᠩ ᠢᠯᠡᠭᠦᠦ ᠵᠢᠷᠦᠬᠡᠰᠢᠶᠡᠯᠭᠡᠬᠦ ᠬᠦᠴᠦᠨ ᠲᠠᠢ ᠪᠣᠯᠭᠠᠪᠠ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠰᠤᠷᠤᠯᠴᠠᠬᠤ ᠶᠢᠨ ᠳᠠᠭᠠᠤ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠨᠢᠭᠡᠴᠢ ᠵᠢᠴᠢ ᠬᠤᠪᠢ ᠬᠥᠮᠥᠨ ᠤ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢᠨ ᠴᠡᠭ ᠢ ᠪᠦᠭᠦ ᠲᠠᠯ᠎ᠠ ᠪᠠᠷ ᠡᠮᠬᠢᠯᠡᠵᠦ᠂ ᠣᠨᠣᠴᠠᠲᠠᠢ ᠪᠠᠷ ᠵᠢᠭᠰᠠᠭᠠᠨ ᠪᠠᠶᠢᠴᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠬᠤ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠵᠦ᠂ ᠰᠠᠬᠢᠯᠭ᠎ᠠ ᠪᠠᠲᠤ ᠶᠢ ᠴᠢᠩᠳᠠᠯᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ         ᠠᠬᠢᠭᠤᠯᠪᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号