ᠰᠠᠮᠠᠢ ᠰᠤᠮᠤᠨ ᠤ ᠮᠠᠨᠳᠠᠯᠲᠤ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ︽ᠪᠢ ᠡᠮᠡᠭᠲᠡᠶᠢᠴᠦᠳ ᠲᠤ ᠪᠣᠳᠠᠲᠠᠢ ᠶᠠᠪᠤᠳᠠᠯ ᠬᠢᠶ᠎ᠡ    ᠠᠷᠪᠠ ᠶᠢ ᠬᠦᠷᠭᠡᠬᠦ ︾  ᠪᠣᠯᠭᠤᠭᠠᠨ ᠲᠣᠬᠤᠨᠢᠭᠤᠯᠬᠤ  ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/7/19
      ᠨᠠᠮ ᠤᠨ ᠬᠠᠶᠢᠷ᠎ᠠ ᠬᠠᠯᠠᠮᠵᠢ ᠶᠢ ᠨᠠᠰᠤᠲᠠᠨ᠂ ᠬᠦᠴᠢᠷᠳᠡᠯᠲᠡᠶ ᠬᠡᠷ ᠪᠦᠯᠢ᠂ ᠡᠮᠡᠭᠲᠡᠶᠢᠴᠦᠳ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠳᠡᠷᠭᠡᠳᠡ ᠬᠦᠷᠭᠡᠵᠦ᠂ ᠥᠷᠭᠡᠨ ᠣᠯᠠᠨ ᠡᠮᠡᠭᠲᠡᠶᠢᠴᠦᠳ ᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠬᠤ ᠶᠢᠨ ᠲᠥᠯᠥᠭᠡ᠂ 6 ᠰᠠᠷ᠎ᠠ ᠶᠢᠨ 15 ᠤ ᠡᠳᠦᠷ᠂ ᠰᠠᠮᠠᠢ ᠰᠤᠮᠤᠨ ᠤ ᠮᠠᠨᠳᠠᠯᠲᠤ ᠭᠠᠴᠠᠭᠠᠨ ᠤ ᠡᠮᠡᠭᠲᠡᠶᠢᠴᠦᠳ ᠤᠨ  ᠬᠤᠯᠪᠣᠭᠠᠲᠤ ᠬᠤᠷᠠᠯ ᠨᠢ ︽ᠪᠢ ᠡᠮᠡᠭᠲᠡᠶᠢᠴᠦᠳ ᠲᠤ ᠪᠣᠳᠠᠲᠠᠢ ᠶᠠᠪᠤᠳᠠᠯ ᠬᠢᠶ᠎ᠡ    ᠠᠷᠪᠠ ᠶᠢ  ᠬᠦᠷᠭᠡᠬᠦ︾  ᠪᠣᠯᠭᠤᠭᠠᠨ ᠲᠣᠬᠤᠨᠢᠭᠤᠯᠬᠤ ᠬᠥᠳᠡᠯᠭᠡᠭᠡᠨ ᠥᠷᠨᠢᠭᠦᠯᠪᠡ᠃      ᠲᠣᠰ ᠤᠳᠠᠭᠠᠨ ᠤ ᠬᠥᠳᠡᠯᠭᠡᠭᠡᠨ ᠳᠤ᠂ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠠᠴᠠ 70 ᠨᠠᠰᠤᠨ ᠠᠴᠠ ᠳᠡᠭᠡᠭᠰᠢᠬᠢ 15 ᠨᠠᠰᠤᠲᠠᠨ ᠳᠤ ᠲᠣᠬᠤᠨᠢᠭᠤᠯᠬᠤ ᠮᠥᠩᠭᠦ ᠪᠠ ᠭᠠᠪᠢᠶᠠᠨ ᠲᠡᠮᠳᠡᠭ ᠬᠦᠷᠭᠡᠵᠦ᠂ ᠨᠠᠰᠤᠲᠠᠶᠢᠴᠤᠳ ᠲᠤ ᠠᠮᠢᠳᠤᠷᠠᠯ ᠤᠨ ᠲᠠᠯ᠎ᠠ ᠪᠠᠷ ᠬᠢ ᠳᠡᠮᠵᠢᠯᠭᠡ ᠪᠠ ᠣᠶᠤᠨ ᠰᠠᠨᠠᠭᠠᠨ ᠤ ᠲᠠᠯ᠎ᠠ ᠪᠠᠷ ᠬᠢ ᠲᠣᠬᠤᠨᠢᠭᠤᠯᠤᠯ ᠢ ᠬᠦᠷᠭᠡᠬᠦ ᠶᠢᠨ ᠬᠠᠮᠲᠤ ᠪᠠᠰᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠥᠷᠬᠦᠮ ᠤᠨ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠨᠠᠰᠤᠲᠠᠶᠢᠴᠤᠳ ᠤᠨ ᠪᠡᠶ᠎ᠡ ᠮᠠᠬᠠᠪᠣᠳ ᠡᠷᠡᠭᠦᠯ ᠴᠢᠭᠢᠷᠠᠭ᠂ ᠵᠣᠯ  ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠪᠡ᠃      ᠲᠠᠷᠠᠭᠠᠴᠢ ᠶᠢᠨ ᠠᠯᠬᠤᠮ ᠳᠤ᠂ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠶᠢ ᠨᠢᠭᠡ ᠵᠦᠢᠯ ᠤᠨ ᠴᠢᠬᠤᠯᠠ ᠠᠵᠢᠯ ᠪᠣᠯᠭᠠᠨ ᠠᠳᠬᠤᠵᠤ᠂ ᠠᠭᠤᠯᠭ᠎ᠠ ᠪᠠᠨ ᠪᠠᠶᠠᠯᠢᠭᠵᠢᠭᠤᠯᠤᠨ᠂ ᠡᠮᠡᠭᠲᠡᠶᠢᠴᠦᠳ ᠬᠡᠦᠬᠡᠳ ᠪᠠ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠪᠣᠯᠤᠨ᠎ᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号