ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠨᠥᠬᠦᠷ ᠰᠠᠮᠠᠢ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/19
      6 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠨᠠᠷ ᠰᠠᠮᠠᠢ ᠰᠤᠮᠤ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠴᠤ᠂ ᠰᠤᠮᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠠᠶᠠᠨᠬᠦ᠋ᠭᠡᠪᠦᠷ ᠭᠠᠴᠠᠭᠠᠨ ᠤ ᠰᠠᠶᠢᠨ ᠡᠭᠦᠯᠳᠡᠷ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠵᠡᠭᠦᠨ ᠦᠵᠦᠮᠦᠴᠢᠨ ᠬᠤᠰᠢᠭᠤᠨ ᠤ ᠰᠧᠨ ᠷᠦᠢ ᠡᠪᠡᠰᠦᠨ ᠤ ᠦᠢᠯᠡᠰ ᠤᠨ ᠲᠤᠰᠬᠠᠢ ᠬᠤᠷᠰᠢᠶᠠᠵᠢᠯ᠂ ᠤᠷᠭᠢᠶᠠᠴᠢ ᠮᠣᠷᠢᠨ ᠲᠠᠯᠠᠪᠠᠢ᠂ ᠮᠥᠩᠬᠡᠵᠢᠷᠭᠠᠯ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠭᠦᠨᠵᠡᠭᠡᠶᠢᠷᠡᠨ ︽3+2︾ ᠮᠠᠯ ᠠᠵᠤ ᠠᠬᠤᠢ ᠶᠢᠨ ᠠᠵᠤ ᠦᠢᠯᠡᠰ᠂ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠥᠷᠨᠢᠭᠦᠯᠬᠦ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠵᠧᠦ ᠢᠦᠢ ᠯᠦᠩ ᠴᠢᠬᠤᠯᠠᠴᠢᠯᠠᠬᠤ ᠳᠠᠭᠠᠨ᠂ ᠨᠢᠭᠡ ᠳᠤ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽3+2︾ ᠢᠶᠠᠷ ᠭᠤᠣᠯ ᠪᠣᠯᠭᠠᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠵᠠᠭᠪᠤᠷ ᠢ ᠪᠠᠷᠢᠮᠲᠠᠯᠠᠵᠤ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠪᠠᠷ ᠤᠳᠤᠷᠢᠳᠤᠮᠵᠢ ᠪᠣᠯᠭᠠᠵᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠂ ᠡᠪᠡᠰᠦ ᠪᠣᠷᠳᠤᠭ᠎ᠠ ᠨᠥᠭᠡᠴᠡᠯᠡᠬᠦ ᠶᠢ ᠪᠣᠳᠠᠲᠠᠢ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠯᠠᠮᠵᠢᠯᠠᠯᠲᠤ ᠠᠳᠤᠭᠤᠨ ᠤ ᠠᠵᠤ ᠦᠢᠯᠡᠰ ᠪᠠ ᠵᠢᠭᠤᠯᠴᠢᠯᠠᠯ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠡᠵᠡᠩᠨᠡᠯᠲᠡ ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠵᠢᠭᠤᠯᠴᠢᠯᠠᠯ ᠤᠨ ᠦᠢᠯᠡᠰ ᠤᠨ ᠵᠠᠬ᠎ᠠ ᠳᠡᠯᠭᠡᠭᠦᠷᠴᠢᠯᠡᠭᠰᠡᠨ᠂ ᠠᠵᠤ ᠦᠢᠯᠡᠰᠵᠢᠭᠰᠡᠨ᠂ ᠵᠢᠷᠤᠮᠵᠢᠭᠰᠠᠨ ᠬᠥᠭᠵᠢᠯᠲᠡ ᠶᠢ ᠠᠬᠢᠭᠤᠯᠵᠤ᠂ ᠰᠣᠶᠣᠯ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠦᠨ᠎ᠡ᠃ ᠭᠤᠷᠪᠠ ᠳᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤ ᠶᠢᠨ ᠠᠵᠤ ᠠᠬᠤᠶ ᠶᠢᠨ ᠬᠤᠷᠰᠢᠶᠠᠵᠢᠯ  ᠨᠢ ᠬᠡᠪᠴᠢᠶᠡᠵᠢᠭᠦᠯᠦᠨ ᠡᠵᠡᠩᠨᠡᠬᠦ ᠪᠠᠷ ᠳᠠᠮᠵᠢᠭᠤᠯᠤᠨ᠂ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠪᠡᠷ ᠤᠨ ᠥᠷᠲᠡᠭ ᠢ ᠪᠠᠭᠤᠷᠠᠭᠤᠯᠤᠨ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠠᠪᠠᠭᠤᠯᠢᠭ ᠢᠶᠠᠨ ᠴᠢᠩᠭᠠᠳᠬᠠᠵᠤ᠂ ᠮᠢᠬᠠᠨ ᠦᠬᠡᠷ᠂ ᠮᠢᠬᠠᠨ ᠬᠤᠨᠢ᠂ ᠡᠪᠡᠰᠦ ᠪᠣᠷᠳᠤᠭ᠎ᠠ ᠵᠡᠷᠭᠡ ᠵᠠᠬ᠎ᠠ ᠳᠡᠯᠭᠡᠭᠦᠷ ᠤᠨ ᠬᠤᠷᠸ᠎ᠠ ᠲᠣᠬᠢᠷᠠᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号