ᠮᠠᠨᠳᠤᠬᠤᠪᠤᠯᠠᠭ ᠪᠠᠯᠭᠠᠰᠤ ︽ᠲᠤᠯᠤᠭᠠᠨ ᠰᠠᠷ᠎ᠠ ᠶᠢᠨ ᠨᠢᠭᠡᠨ ᠢᠶᠠᠨ ᠤᠭᠲᠤᠵᠤ᠂ ᠨᠠᠮ ᠪᠠᠶᠢᠭᠤᠯᠤᠭᠳᠠᠭᠰᠠᠨ ᠪᠠᠶᠠᠷ ᠢᠶᠠᠨ ᠪᠡᠯᠭᠡᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/19
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ 7 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠮᠠᠨᠳᠤᠬᠤᠪᠤᠯᠠᠭ ᠪᠠᠯᠭᠠᠰᠤᠨ ᠳᠤ ︽ᠲᠤᠯᠤᠭᠠᠨ ᠰᠠᠷ᠎ᠠ ᠶᠢᠨ ᠨᠢᠭᠡᠨ ᠢᠶᠠᠨ ᠤᠭᠲᠤᠵᠤ᠂ ᠨᠠᠮ ᠪᠠᠶᠢᠭᠤᠯᠤᠭᠳᠠᠭᠰᠠᠨ ᠪᠠᠶᠠᠷ ᠢᠶᠠᠨ ᠪᠡᠯᠭᠡᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠥᠬᠦ ᠺᠠᠳ᠋ᠷ ᠠᠵᠢᠯᠲᠠᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠬᠠᠷᠢᠶ᠎ᠠ ᠣᠷᠤᠨ ᠤ ᠴᠡᠷᠢᠭ ᠴᠠᠭᠳᠠᠭ᠎ᠠ ᠵᠡᠷᠭᠡ 30 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠡᠷᠭᠢᠴᠡᠭᠦᠯᠦᠨ᠂ ᠨᠠᠮ ᠳᠤ ᠣᠷᠣᠭᠰᠠᠨ ᠤᠭ ᠰᠠᠨᠠᠭ᠎ᠠ ᠪᠠᠨ ᠳᠤᠷᠠᠳᠬᠠᠪᠠ      ︽ᠪᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠰᠠᠶᠢᠨ ᠳᠤᠷ᠎ᠠ ᠠᠴᠠ ᠪᠠᠨ ᠣᠷᠣᠵᠤ᠂ ᠨᠠᠮ ᠤᠨ ᠬᠥᠲᠥᠯᠪᠦᠷᠢ ᠶᠢ ᠬᠦᠷᠢᠶᠡᠯᠡᠨ᠂ ᠨᠠᠮ ᠤᠨ ᠳᠦᠷᠢᠮ ᠢ ᠰᠠᠬᠢᠵᠤ…︾ ᠳᠠᠶᠢᠴᠢᠨ ᠨᠥᠬᠦᠷ ᠤᠨ ᠳᠠᠭᠠᠭᠤᠯᠭ᠎ᠠ ᠳᠣᠣᠷ᠎ᠠ ᠂ ᠪᠦᠬᠦ ᠨᠠᠮ ᠤᠨ ᠭᠡᠰᠢᠭᠦᠳ ᠨᠠᠮ ᠤᠨ ᠲᠤᠭ ᠤᠨ ᠡᠮᠦᠨ᠎ᠡ ᠨᠢᠳᠤᠷᠭ᠎ᠠ ᠪᠠᠨ ᠥᠨᠳᠥᠷ ᠡᠷᠭᠦᠵᠦ᠂ ᠲᠥᠪ ᠴᠢᠩᠭ᠎ᠠ ᠪᠠᠷ ᠲᠠᠩᠭᠠᠷᠢᠭᠯᠠᠪᠠ᠃  ᠨᠠᠮ ᠳᠤ ᠣᠷᠣᠬᠤ ᠢᠲᠡᠭᠡᠯ ᠵᠣᠷᠢᠭ ᠪᠠ ᠡᠪ ᠬᠠᠮᠲᠤ ᠶᠣᠰᠣᠨ ᠤ ᠲᠥᠯᠥᠭᠡ ᠨᠠᠰᠤ ᠪᠠᠷ ᠢᠶᠠᠨ ᠲᠡᠮᠡᠴᠡᠬᠦ ᠡᠷᠡᠰ ᠵᠣᠷᠢᠭ ᠢᠶᠠᠨ ᠪᠠᠲᠤᠳᠬᠠᠨ᠂ ᠨᠠᠮ ᠳᠤ ᠣᠷᠣᠬᠤ ᠲᠠᠩᠭᠠᠷᠢᠭ ᠬᠢᠬᠦ ᠦᠶ᠎ᠡ ᠶᠢᠨ ᠲᠥᠪ ᠴᠢᠩᠭ᠎ᠠ ᠠᠮᠠᠯᠠᠯᠲᠠ ᠪᠠ ᠡᠷᠡᠰ ᠪᠠᠲᠤ ᠵᠣᠷᠢᠭ ᠢᠶᠠᠨ ᠡᠷᠭᠢᠴᠡᠭᠦᠯᠵᠦ᠂ ᠲᠡᠷᠢᠭᠦᠨ ᠤ ᠤᠬᠠᠮᠰᠠᠷ ᠢᠶᠠᠨ ᠰᠡᠷᠭᠦᠭᠡᠨ᠂ ᠨᠠᠮᠴᠢ ᠴᠢᠨᠠᠷ ᠤᠨ ᠤᠬᠠᠮᠰᠠᠷ ᠢᠶᠠᠨ ᠴᠢᠩᠭᠠᠳᠬᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢ ᠪᠠᠳᠠᠷᠠᠭᠤᠯᠤᠨ᠂ ᠡᠪ ᠬᠠᠮᠲᠤᠴᠤᠳ ᠤᠨ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠨ᠎ᠠ᠃ ᠬᠢᠯᠢ ᠶᠢᠨ ᠪᠠᠭᠠᠨ᠎ᠠ ᠳᠤ ᠪᠤᠳᠤᠭ ᠨᠡᠮᠡᠵᠦ᠂ ᠨᠠᠮ ᠤᠨ ᠮᠡᠨᠳᠦᠯᠡᠭᠰᠡᠨ ᠡᠳᠦᠷ ᠢ ᠪᠡᠯᠭᠡᠯᠡᠪᠡ      1196 ᠬᠢᠯᠢ ᠶᠢᠨ ᠪᠠᠭᠠᠨ᠎ᠠ ᠶᠢᠨ ᠡᠮᠦᠨ᠎ᠡ᠂ ᠨᠠᠮ ᠤᠨ ᠭᠡᠰᠢᠭᠦᠳ ᠬᠢᠯᠢ ᠶᠢᠨ ᠪᠠᠭᠠᠨ᠎ᠠ ᠶᠢᠨ ᠬᠤᠭ ᠲᠣᠭᠤᠰᠣ ᠶᠢ ᠠᠷᠴᠢᠬᠤ ᠶᠢᠨ ᠬᠠᠮᠲᠤ᠂ ᠲᠠᠬᠢᠨ ᠥᠩᠭᠡ ᠣᠷᠤᠭᠤᠯᠤᠨ ᠪᠤᠳᠤᠭ ᠨᠡᠮᠡᠵᠦ᠂ ᠬᠠᠮᠤᠭ ᠤᠨ ᠪᠣᠷᠣᠭᠵᠢᠭᠤᠨ ᠬᠡᠯᠪᠡᠷᠢ ᠪᠠᠷ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠨ᠂ ︽ᠳᠤᠮᠳᠠᠳᠤ ᠤᠯᠤᠰ︾ ᠭᠡᠬᠦ ᠬᠤᠶᠠᠷ ᠦᠰᠦᠭ ᠢ ᠨᠡᠩ ᠢᠯᠡ ᠲᠣᠳᠣ ᠬᠠᠷᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠡᠯᠡᠭᠰᠡᠨ ᠨᠢ᠄ ︽ᠡᠨᠡ ᠬᠦ ᠴᠠᠭ ᠮᠥᠴᠡ ᠶᠢ ᠤᠯᠠᠨ ᠢᠶᠠᠷ ᠢᠶᠠᠨ ᠴᠡᠭᠡᠵᠢᠯᠡᠵᠦ ᠶᠠᠪᠤᠬᠤ ᠬᠡᠷᠡᠭᠲᠡᠢ᠂ ᠡᠨᠡ ᠪᠣᠯ ᠵᠥᠪᠬᠡᠨ ᠶᠣᠰᠣᠯᠠᠯ ᠲᠡᠳᠦᠢ ᠪᠢᠰᠢ᠂ ᠬᠠᠷᠢᠨ ᠪᠢᠳᠡᠨ ᠤ ᠨᠠᠮ ᠪᠠ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠮᠥᠨ᠂ ᠮᠠᠨ ᠤ ᠦᠨᠳᠦᠰᠦᠨ ᠱᠠᠲᠤᠨ ᠤ ᠺᠠᠳ᠋ᠷᠴᠤᠳ ᠤᠨ ᠬᠢᠯᠢ ᠬᠢᠵᠠᠭᠠᠷ ᠣᠷᠣᠨ ᠢᠶᠠᠨ ᠰᠠᠬᠢᠨ ᠬᠠᠮᠠᠭᠠᠯᠠᠬᠤ ᠬᠠᠷᠢᠭᠤᠴᠠᠯᠭ᠎ᠠ ᠮᠥᠨ︾᠃ ᠤᠯᠤᠰ ᠲᠥᠷᠥ ᠶᠢᠨ ᠲᠥᠷᠥᠭᠰᠡᠨ ᠡᠳᠦᠷ ᠢᠶᠠᠨ ᠬᠠᠮᠲᠤ ᠥᠩᠭᠡᠷᠡᠭᠦᠯᠵᠦ  ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠨᠠᠮᠴᠢ ᠴᠢᠨᠠᠷ ᠢᠶᠠᠨ ᠴᠢᠩᠭᠠᠳᠬᠠᠪᠠ      ᠠᠵᠢᠯᠯᠠᠭᠠᠨ ᠤ ᠳᠤᠮᠳᠠ᠂ ᠪᠠᠯᠭᠠᠰᠤᠨ ᠤ ᠨᠠᠮ ᠤᠨ ᠬᠤᠷᠢᠶ᠎ᠠ ᠡᠯ᠎ᠡ ᠨᠠᠮ ᠤᠨ ᠡᠭᠦᠷ ᠠᠴᠠ ︽7·1︾ ᠤ ᠤᠯᠤᠰ ᠲᠦᠷᠦ ᠶᠢᠨ ᠲᠦᠷᠦᠭᠰᠡᠨ ᠡᠳᠦᠷ ᠲᠠᠢ ᠨᠠᠮ ᠤᠨ ᠭᠡᠰᠢᠭᠦᠨ ᠢ ᠰᠣᠩᠭᠤᠵᠤ᠂ ᠨᠠᠮ ᠤᠨ ᠡᠭᠦᠷ ᠤᠨ ᠱᠦᠵᠢ ᠠᠴᠠ ᠲᠡᠳᠡᠨ ᠤ ᠡᠩᠭᠡᠷ ᠳᠡᠭᠡᠷᠡᠬᠢ ᠨᠠᠮ ᠤᠨ ᠭᠡᠰᠢᠭᠦᠨ ᠤ ᠰᠦᠯᠳᠡ ᠲᠡᠮᠳᠡᠭ ᠢ ᠠᠷᠴᠢᠨ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠪᠡᠯᠭᠡᠳᠡᠵᠡᠢ᠃ ᠡᠭᠦᠨ ᠤ ᠬᠠᠮᠲᠤ ᠲᠤᠰᠬᠠᠢ ︽ᠤᠯᠤᠰ ᠲᠦᠷᠦ ᠶᠢᠨ ᠲᠦᠷᠦᠭᠰᠡᠨ ᠡᠳᠦᠷ︾ ᠤᠨ ᠪᠠᠶᠠᠷ ᠤᠨ ᠺᠠᠷᠲ ᠵᠢᠴᠢ ᠳᠤᠷᠠᠰᠬᠠᠯ ᠤᠨ ᠬᠤᠨᠳᠠᠭ᠎ᠠ ᠶᠢ ᠪᠡᠯᠡᠭᠯᠡᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠥᠬᠦᠳ ᠨᠢᠭᠡᠪᠦᠷᠢ ᠳᠤ ᠥᠭᠭᠦᠭᠰᠡᠨ ᠭᠦᠨ ᠵᠥᠩᠨᠡᠯ ᠢ ᠲᠡᠮᠳᠡᠭᠯᠡᠵᠦ᠂ ᠨᠠᠮ ᠤᠨ ᠭᠡᠰᠢᠭᠦᠳ ᠲᠤ ︽ᠤᠯᠤᠰ ᠲᠦᠷᠦ ᠶᠢᠨ ᠲᠦᠷᠦᠭᠰᠡᠨ ᠡᠳᠦᠷ︾ ᠤᠨ ᠭᠦᠨ ᠰᠠᠭᠤᠭᠳᠠᠯ ᠢ ᠦᠯᠡᠳᠡᠭᠡᠵᠡᠢ᠃ 152 ᠺᠢᠯᠣᠮᠧᠲᠷ ᠤᠨ ᠬᠢᠯᠢ ᠶᠢᠨ ᠱᠤᠭᠤᠮ ᠳᠡᠭᠡᠷ᠎ᠡ ᠨᠠᠮ ᠤᠨ ᠲᠠᠭᠤᠨ ᠢ ᠬᠠᠩᠭᠢᠨᠠᠭᠤᠯᠪᠠ      ᠬᠢᠯᠢ ᠶᠢᠨ ᠱᠤᠭᠤᠮ᠂ ᠬᠢᠯᠢ ᠶᠢᠨ ᠬᠥᠰᠢᠶ᠎ᠡ ᠪᠠᠭᠠᠨ᠎ᠠ ᠶᠢᠨ ᠳᠡᠷᠭᠡᠳᠡ᠂ ᠡᠯ᠎ᠡ ᠦᠨᠳᠦᠰᠦᠲᠡᠨ ᠨᠦᠭᠦᠳ ︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠦᠭᠡᠢ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠤ᠂ ᠨᠠᠮ ᠳᠠᠭᠠᠨ ᠦᠨᠡᠨᠴᠢ ᠰᠢᠳᠤᠷᠭᠤ ᠪᠠ ᠬᠠᠶᠢᠷ᠎ᠠ ᠰᠡᠳᠬᠢᠯᠭᠡ ᠪᠠᠨ ᠢᠯᠡᠳᠬᠡᠨ᠂ ᠣᠷᠭᠢᠯᠤᠮ᠎ᠠ ᠬᠠᠯᠠᠭᠤᠨ ᠰᠡᠳᠬᠢᠯᠭᠡ᠂ ᠬᠠᠩᠭᠢᠨᠠᠮ᠎ᠠ ᠳᠠᠭᠤᠤ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠡᠬᠡ ᠣᠷᠣᠨ ᠤ ᠢᠶᠠᠨ ᠡᠳᠦᠷ ᠠᠴᠠ ᠡᠳᠦᠷ ᠥᠭᠡᠳᠡᠯᠡᠨ ᠮᠠᠨᠳᠤᠵᠤ᠂ ᠴᠡᠴᠡᠭᠯᠡᠨ ᠬᠥᠭᠵᠢᠬᠦ ᠶᠢ ᠢᠷᠦᠭᠡᠭᠰᠡᠨ ᠪᠠᠶᠢᠨ᠎ᠠ᠃ᠬᠢᠯᠢ ᠬᠢᠵᠠᠭᠠᠷ ᠢ ᠲᠣᠭᠤᠷᠢᠨ ᠪᠠᠶᠢᠴᠠᠭᠠᠵᠤ᠂ ᠤᠮᠠᠷᠠᠲᠤ ᠬᠢᠯᠢ ᠶᠢᠨ ᠬᠠᠯᠬᠠᠪᠴᠢ ᠶᠢ ᠪᠠᠬᠢᠵᠢᠭᠦᠯᠪᠡ      ︽ᠬᠢᠯᠢ ᠬᠢᠵᠠᠭᠠᠷ ᠤᠨ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠯ︾ ᠳᠤ ᠲᠦᠰᠢᠭᠯᠡᠨ᠂ ︽ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ︾ ᠤᠨ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ᠂ ᠰᠡᠷᠭᠡᠶᠢᠯᠡᠯᠲᠡ ᠶᠢ ᠪᠠᠬᠢᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠨᠠᠮ ᠤᠨ ᠬᠤᠷᠢᠶᠠᠨ ᠤ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠢᠯᠢ ᠬᠢᠵᠠᠭᠠᠷ ᠢ ᠲᠣᠭᠤᠷᠢᠨ ᠪᠠᠶᠢᠴᠠᠭᠠᠵᠤ᠂ ᠬᠢᠯᠢ ᠶᠢᠨ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ ᠢ ᠣᠶᠢᠯᠠᠭᠠᠨ᠂ ᠡᠬᠡ ᠤᠯᠤᠰ ᠤᠨ ᠬᠢᠯᠢ ᠬᠢᠵᠠᠭᠠᠷ ᠢ ᠰᠠᠬᠢᠨ ᠬᠠᠮᠠᠭᠠᠯᠠᠵᠤ᠂ ᠬᠢᠯᠢ ᠬᠢᠵᠠᠭᠠᠷ ᠤᠨ ᠲᠣᠭᠲᠠᠭᠤᠨ ᠪᠠᠶᠢᠬᠤ ᠳᠤ ᠬᠦᠴᠦᠨ ᠴᠢᠳᠠᠯ ᠢᠶᠠᠨ ᠡᠷᠭᠦᠪᠡ᠃ ᠤᠯᠤᠰ ᠤᠨ ᠲᠤᠭ ᠢ ᠤᠮᠠᠷᠠᠲᠤ ᠬᠢᠯᠢ ᠳᠤ ᠨᠠᠮᠢᠷᠠᠭᠤᠯᠵᠤ᠂  ᠡᠬᠡ ᠣᠷᠣᠨᠴᠢ ᠰᠡᠳᠬᠢᠯᠭᠡ ᠶᠢ ᠪᠠᠳᠠᠷᠠᠭᠤᠯᠪᠠ      ᠮᠠᠨᠳᠤᠬᠤᠪᠤᠯᠠᠭ ᠪᠠᠯᠭᠠᠰᠤ ᠨᠢ ︽ᠤᠯᠤᠰ ᠤᠨ ᠲᠤᠭ ᠢ ᠤᠮᠠᠷᠠᠲᠤ ᠬᠢᠯᠢ ᠳᠤ ᠨᠠᠮᠢᠷᠠᠭᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠠᠤᠯᠢ︾ ᠶᠢ ᠥᠷᠭᠡᠨ ᠢᠶᠠᠷ ᠤᠬᠠᠭᠤᠯᠤᠨ᠂ ᠪᠦᠬᠦ ᠪᠠᠯᠭᠠᠰᠤᠨ ᠤ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ᠂ ᠮᠠᠯᠴᠢᠳ ᠤᠨ ᠰᠠᠭᠤᠭ᠎ᠠ ᠭᠡᠷ ᠲᠤᠭᠤᠷᠢᠭ ᠲᠤ ᠤᠯᠤᠰ ᠤᠨ ᠲᠤᠭ ᠢ ᠨᠠᠮᠢᠷᠠᠭᠤᠯᠵᠤ᠂ ᠬᠢᠯᠢ ᠬᠢᠵᠠᠭᠠᠷ ᠤᠨ ᠲᠠᠯ᠎ᠠ ᠨᠤᠲᠤᠭ ᠤᠨ ᠥᠨᠴᠥᠭ ᠪᠤᠯᠤᠩ ᠪᠦᠬᠦᠨ ᠢ ᠭᠡᠷᠡᠯᠳᠦᠬᠦᠯᠵᠡᠢ᠃ ᠬᠢᠯᠢ ᠶᠢᠨ ᠱᠤᠭᠤᠮ ᠳᠡᠭᠡᠷᠡᠬᠢ ︽ᠪᠢᠴᠢᠯ ᠨᠠᠮ ᠤᠨ ᠬᠢᠴᠢᠶᠡᠯ︾ ᠬᠢᠯᠢ ᠶᠢᠨ ᠬᠠᠮᠠᠭᠠᠯᠠᠯᠲᠠ ᠶᠢᠨ ᠴᠢᠩᠭ᠎ᠠ ᠲᠠᠭᠤᠨ ᠢ ᠬᠠᠩᠭᠢᠨᠠᠭᠤᠯᠪᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠢᠯᠠᠩᠭᠤᠶ᠎ᠠ ᠰᠢ ᠶᠢᠨ ᠫᠢᠩ ᠶᠡᠷᠦᠩᠬᠡᠢ ᠱᠦᠵᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠮᠥᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠲᠥᠷᠥᠯ ᠤᠨ ᠠᠵᠢᠯ ᠤᠨ ᠭᠤᠣᠯ ᠱᠤᠭᠤᠮ ᠮᠥᠨ︾ ᠭᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳᠠᠶᠢᠴᠢᠨ ᠨᠥᠬᠦᠷ ︽︿ᠵᠢᠷᠭᠤᠭᠠᠨ ᠥᠭᠦᠯᠡᠪᠦᠷᠢ﹀ ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠢ ᠣᠶᠢᠯᠠᠭᠠᠬᠤ︾ ᠰᠡᠳᠦᠪ ᠢᠶᠠᠷ᠂ ᠣᠯᠠᠨ ᠳᠤ ᠬᠢᠯᠢ ᠶᠢᠨ ᠱᠤᠭᠤᠮ ᠳᠡᠭᠡᠷᠡᠬᠢ ︽ᠪᠢᠴᠢᠯ ᠨᠠᠮ ᠤᠨ ᠬᠢᠴᠢᠶᠡᠯ︾ ᠣᠷᠤᠵᠤ᠂ ᠣᠯᠠᠨ ᠢ ᠳᠠᠭᠠᠭᠤᠯᠤᠨ ᠨᠠᠮ ᠤᠨ ᠤᠳᠤᠷᠢᠳᠤᠯᠭ᠎ᠠ ᠳᠤᠤᠷ᠎ᠠ᠂ ᠥᠪᠥᠷ ᠮᠣᠩᠭᠤᠯ ᠣᠷᠣᠨ ᠪᠠᠶᠢᠭᠤᠯᠤᠭᠳᠠᠭᠰᠠᠨ ᠪᠠ ᠬᠥᠭᠵᠢᠭᠰᠡᠨ ᠥᠩᠭᠡᠷᠡᠯᠲᠡ ᠶᠢ ᠡᠷᠭᠢᠴᠡᠭᠦᠯᠵᠦ᠂ ᠲᠡᠦᠬᠡ ᠶᠢᠨ ᠪᠣᠳᠠᠲᠤ ᠬᠡᠷᠡᠭ ᠪᠠ ᠠᠮᠢᠳᠤᠯᠢᠭ ᠬᠡᠷᠡᠭ ᠤᠨ ᠵᠢᠱᠢᠶ᠎ᠡ ᠶᠢ ᠡᠰᠢᠯᠡᠨ ᠬᠡᠷᠡᠭᠯᠡᠵᠦ᠂ ︽ᠵᠢᠷᠭᠤᠭᠠᠨ ᠥᠭᠦᠯᠡᠪᠦᠷᠢ︾ ᠳᠤ ᠠᠭᠤᠯᠤᠭᠳᠠᠵᠤ ᠪᠠᠶᠢᠭ᠎ᠠ ᠪᠠᠶᠠᠯᠢᠭ ᠠᠭᠤᠯᠬᠤᠨ ᠢ ᠭᠦᠨᠵᠡᠭᠡᠢ ᠲᠠᠶᠢᠯᠪᠤᠷᠢᠯᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠨᠢ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠥᠬᠦ ᠨᠠᠮ ᠤᠨ ᠭᠡᠰᠢᠭᠦᠳ ᠤᠨ ᠤᠭ ᠰᠠᠨᠠᠭ᠎ᠠ ᠪᠠᠨ ᠥᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠵᠣᠷᠢᠭᠵᠢᠭᠤᠯᠵᠠᠢ᠃ ᠲᠠᠷᠠᠭᠠᠴᠢ ᠶᠢᠨ ᠠᠯᠬᠤᠮ ᠳᠤ ᠮᠠᠨᠳᠤᠬᠤᠪᠤᠯᠠᠭ ᠪᠠᠯᠭᠠᠰᠤ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ᠡᠷᠡᠮᠡᠬᠡᠶᠢᠯᠡᠨ ᠤᠷᠤᠭᠰᠢᠯᠠᠵᠤ᠂ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠪᠥᠬᠦ ᠪᠠᠯᠭᠠᠰᠤᠨ ᠤ ᠬᠥᠭᠵᠢᠯᠲᠡ ᠳᠤ ᠬᠦᠴᠦᠨ ᠴᠢᠳᠠᠯ ᠢ ᠨᠢᠭᠲᠠᠷᠠᠭᠤᠯᠤᠨ᠎ᠠ︕
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号