ᠮᠠᠨ ᠤ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/23
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠳᠤᠮᠳᠠᠳᠤ ᠶᠢᠨ ᠦᠨᠳᠦᠰᠦᠲᠡᠨ ᠳᠤ ᠬᠠᠷᠢᠶᠠᠯᠠᠭᠳᠠᠬᠤ ᠰᠡᠳᠬᠢᠯᠭᠡ᠂ ᠮᠡᠳᠡᠷᠡᠬᠦ ᠰᠡᠳᠬᠢᠯᠭᠡ᠂ ᠢᠷᠠᠭᠤ ᠠᠯᠳᠠᠷᠲᠤ ᠰᠡᠳᠬᠢᠯᠭᠡ ᠶᠢ ᠨᠡᠮᠡᠭᠳᠡᠭᠦᠯᠵᠦ᠂ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ‌‍ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠪᠣᠳᠠᠲᠤ ᠦᠷ᠎ᠡ ᠪᠦᠲᠦᠮᠵᠢᠲᠡᠶ᠂ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ  ᠶᠢᠨ ᠲᠥᠯᠥᠭᠡ᠂ 6 ᠰᠠᠷ᠎ᠠ ᠶᠢᠨ 26 ᠤ ᠡᠳᠦᠷ᠂ ᠮᠠᠨ ᠤ ᠬᠤᠰᠢᠭᠤᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ᠂ ᠬᠠᠤᠯᠢ ᠴᠠᠭᠠᠵᠠ ᠶᠢᠨ ᠲᠣᠪᠴᠢᠶ᠎ᠠ ᠬᠠᠮᠲᠤᠷᠠᠨ ︿︿ᠪᠢᠴᠢᠬᠠᠨ ᠠᠨᠠᠷ ᠤᠨ ᠦᠷ᠎ᠡ ᠬᠢᠯᠢ ᠭᠢᠵᠠᠭᠠᠷ ᠣᠷᠤᠨ ᠢᠶᠠᠷ ᠠᠶᠠᠯᠠᠬᠤ﹀﹀ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ  ᠃      ᠠᠵᠢᠯᠯᠠᠭ᠎ᠠ ᠳᠤ᠂ ᠰᠤᠷᠤᠭᠴᠢᠳ ᠠᠷᠠᠳ ᠤᠨ ᠴᠠᠭᠳᠠᠭ᠎ᠠ ᠶᠢᠨ ᠳᠠᠭᠠᠭᠤᠯᠭ᠎ᠠ ᠪᠠᠷ᠂ ᠳᠤᠮᠳᠠᠳᠤ ᠮᠣᠩᠭᠤᠯ  ᠤᠨ ᠬᠢᠯᠢ ᠶᠢᠨ ᠬᠥᠰᠢᠶ᠎ᠡ ᠳᠤ ᠬᠦᠷᠴᠦ᠂ ᠬᠢᠯᠢ ᠶᠢᠨ ᠬᠥᠰᠢᠶ᠎ᠡ ᠶᠢᠨ ᠮᠡᠳᠡᠯᠭᠡ᠂ ᠬᠢᠯᠢ ᠬᠢᠵᠠᠭᠠᠷ ᠢ ᠰᠠᠬᠢᠨ ᠬᠠᠮᠠᠭᠠᠯᠠᠵᠤ ᠪᠠᠶᠢᠭ᠎ᠠ ᠡᠬᠡ ᠣᠷᠣᠨᠴᠢ ᠥᠯᠢᠭᠡᠷ ᠪᠠ ᠴᠠᠭᠳᠠᠭᠠᠨ ᠵᠡᠪᠰᠡᠭ ᠬᠡᠷᠡᠭᠯᠡᠬᠦ ᠠᠷᠭ᠎ᠠ ᠵᠡᠷᠭᠡ ᠶᠢ ᠣᠶᠢᠯᠠᠭᠠᠵᠠᠢ᠃      ᠳᠠᠷᠠᠭ᠎ᠠ ᠨᠢ᠂ ᠬᠠᠮᠳᠤᠪᠠᠷ ᠢᠶᠠᠷ ᠢᠶᠠᠨ ᠠᠷᠢᠭᠤᠨ ᠳᠠᠷᠬᠠᠨ ᠤᠯᠤᠰ ᠤᠨ ᠡᠭᠦᠳᠡᠨ ᠳᠤ ᠬᠦᠷᠴᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠤᠰᠢᠭᠤ ᠬᠠᠤᠯᠢ ᠴᠠᠭᠠᠵᠠ ᠶᠢᠨ ᠲᠣᠪᠴᠢᠶᠠᠨ ᠤ ᠠᠵᠢᠯᠲᠠᠨ‌ᠡᠴᠠ ᠰᠤᠷᠤᠭᠴᠢᠳ ᠲᠤ ︿︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ  ᠤᠨ ᠬᠠᠤᠯᠢ﹀﹀᠂ ︿︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ﹀﹀ ᠵᠡᠷᠭᠡ ᠶᠢ ᠲᠠᠶᠢᠯᠪᠤᠷᠢᠯᠠᠵᠤ᠂ ᠭᠤᠤᠯᠳᠠᠭᠤ ᠤᠯᠤᠰ ᠤᠨ ᠲᠤᠭ ᠤᠨ ᠵᠢᠷᠤᠭ ᠳᠦᠷᠰᠦ ᠶᠢᠨ ᠲᠦᠯᠦᠭᠡᠯᠡᠬᠦ ᠠᠴᠢ ᠬᠤᠯᠪᠣᠭᠳᠠᠯ᠂ ᠡᠯᠭᠦᠬᠦ ᠲᠣᠭᠲᠠᠭᠠᠯ ᠵᠡᠷᠭᠡ ᠦᠨᠳᠦᠰᠦᠨ ᠮᠡᠳᠡᠯᠭᠡ ᠶᠢ ᠲᠦᠭᠡᠮᠡᠯᠵᠢᠭᠦᠯᠵᠦ᠂ ᠰᠤᠷᠤᠭᠴᠢᠳ ᠲᠤ ᠤᠯᠤᠰ ᠤᠨ ᠲᠤᠭ ᠢ ᠪᠢᠰᠢᠷᠡᠨ ᠬᠦᠨᠳᠦᠳᠬᠡᠬᠦ ᠰᠡᠳᠬᠢᠯᠭᠡ᠂ ᠰᠠᠬᠢᠨ ᠬᠠᠮᠠᠭᠠᠯᠠᠬᠤ ᠬᠠᠷᠢᠭᠤᠴᠠᠯᠭ᠎ᠠ ᠲᠠᠢ ᠪᠠᠶᠢᠵᠤ᠂ ᠣᠯᠠᠨ ᠳᠤ ︿︿ᠤᠯᠤᠰ ᠤᠨ ᠲᠤᠭ ᠬᠢᠯᠢ ᠶᠢᠨ ᠪᠣᠭᠤᠮᠲᠠ ᠶᠢ ᠭᠡᠶᠢᠭᠦᠯᠬᠦ﹀﹀ ᠢᠨᠵᠧᠨᠧᠷᠢᠩ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠭᠤᠯᠵᠠᠶ  ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠰᠤᠷᠤᠭᠴᠢᠳ ᠬᠢᠯᠢ ᠶᠢᠨ ᠬᠠᠮᠠᠭᠠᠯᠠᠯᠲᠠ ᠳᠤ ᠬᠤᠪᠢ ᠨᠡᠮᠡᠷᠢ ᠦᠵᠡᠭᠦᠯᠬᠦ ᠠᠵᠢᠯ ᠤᠨ ᠣᠷᠴᠢᠨ ᠨᠥᠬᠦᠴᠡᠯ ᠢ ᠪᠡᠶ᠎ᠡ ᠪᠠᠷ ᠢᠶᠠᠨ ᠮᠡᠳᠡᠷᠡᠵᠦ᠂ ᠤᠷᠤᠭᠰᠢᠯᠠᠨ ᠲᠠᠪᠰᠢᠬᠤ ᠬᠢᠯᠢ ᠶᠢᠨ ᠬᠠᠮᠠᠭᠠᠯᠠᠯᠲᠠ ᠶᠢᠨ ᠵᠣᠷᠢᠭ ᠰᠠᠨᠠᠭ᠎ᠠ ᠶᠢ ᠮᠡᠳᠡᠷᠡᠵᠦ᠂ ᠲᠡᠳᠡᠨ ᠤ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ  ᠨᠢ ᠨᠠᠩ ᠪᠠᠲᠤᠳᠬᠠᠪᠠ  ᠃      
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号