ᠬᠢᠩᠭᠠᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/7/23
      6 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ  ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠡᠨᠡ ᠬᠤᠭᠤᠴᠠᠭᠠᠨ ᠳᠤ᠂ ᠬᠢᠩᠭᠠᠨ ᠤᠯᠢᠶᠠᠰᠤᠲᠠᠢ ᠪᠠᠯᠭᠠᠰᠤ ᠶᠢᠨ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠰᠣᠨᠣᠰᠤᠭᠰᠠᠨ ᠪᠥᠭᠡᠳ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠵᠠᠷᠢᠮ ᠨᠠᠮ ᠤᠨ ᠭᠡᠰᠢᠭᠦᠨ ᠺᠠᠳ᠋ᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ  ᠃      ᠬᠢᠩᠭᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠤᠭᠠᠷ᠂ ᠡᠨᠡ ᠤᠳᠠᠭᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠪᠣᠳᠠᠲᠠᠶ ᠰᠠᠶᠢᠲᠤᠷ ᠠᠳᠬᠤᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠤᠨ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ︿︿ᠬᠤᠶᠠᠷ ᠢ ᠲᠣᠭᠲᠠᠭᠠᠬᠤ﹀﹀ ᠶᠢ ᠡᠷᠡᠰ ᠬᠦᠷᠢᠶᠡᠯᠡᠨ᠂ ︿︿ᠬᠤᠶᠠᠷ ᠢ ᠬᠠᠮᠠᠭᠠᠯᠠᠬᠤ﹀﹀ ᠶᠢ ᠡᠷᠡᠰ ᠪᠡᠶᠡᠯᠡᠭᠦᠯᠵᠦ᠂ ᠡᠯ᠎ᠡ ᠲᠠᠯ᠎ᠠ ᠶᠢᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠪᠠᠲᠤᠯᠠᠬᠤ ᠬᠡᠷᠡᠭᠲᠡᠢ᠃ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ᠂ ︿︿ᠭᠤᠷᠪᠠᠨ ᠬᠤᠷᠠᠯ ᠨᠢᠭᠡ ᠬᠢᠴᠢᠶᠡᠯ﹀﹀᠂ ᠨᠠᠮ ᠤᠨ ᠡᠭᠦᠷ ᠤᠨ ᠭᠤᠣᠯ ᠰᠡᠳᠦᠪᠲᠦ ᠨᠠᠮ ᠤᠨ ᠡᠳᠦᠷᠯᠢᠭ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠠᠭᠠᠨ ᠠᠭᠤᠰᠬᠠᠨ ᠦᠷᠭᠦᠯᠵᠢ ᠠᠳᠬᠤᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ︿︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ﹀﹀ ᠢ ᠭᠦᠨᠵᠡᠭᠡᠢ ᠰᠠᠶᠢᠲᠤᠷ ᠰᠤᠷᠤᠯᠴᠠᠭᠤᠯᠵᠤ᠂ ᠦᠨᠡᠨ ᠬᠦ ᠪᠦᠯᠦᠭ ᠵᠤᠷᠪᠤᠰ ᠳᠠᠷᠠᠭᠠᠯᠠᠨ ᠰᠤᠷᠤᠯᠴᠠᠭᠤᠯᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠢᠰᠲ᠋ᠧᠮ ᠲᠠᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠵᠤ᠂ ᠳᠡᠭᠡᠳᠦ ᠳᠣᠤᠷᠠᠳᠤ ᠱᠠᠲᠤ ᠨᠢ ᠬᠤᠯᠪᠣᠭᠠᠯᠠᠨ ᠬᠥᠳᠡᠯᠦᠯᠴᠡᠵᠦ᠂ ᠪᠦᠬᠦᠯᠢ ᠴᠣᠭᠴᠠ ᠪᠠᠷ ᠬᠦᠴᠦᠯᠡᠵᠦ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号