ᠬᠢᠩᠭᠠᠨ ᠡᠩ ᠤᠨ ᠠᠷᠠᠳ ᠤᠨ ᠲᠥᠯᠥᠭᠡᠯᠡᠭᠴᠢ ᠶᠢᠨ ᠬᠤᠪᠢ ᠪᠠᠷ ︿︿ᠠᠷᠠᠳ ᠤᠨ ᠰᠠᠨᠠᠯ᠂ ᠲᠥᠯᠦᠭᠡᠯᠡᠭᠴᠢᠳ ᠤᠨ ᠪᠣᠯᠵᠤᠭ᠎ᠠ﹀﹀ ᠬᠤᠰᠢᠭᠤ ᠲᠡᠰ ᠤᠨ ᠠᠷᠠᠳ ᠤᠨ ᠲᠥᠯᠥᠭᠡᠯᠡᠭᠴᠢᠳ ᠤᠨ        ︿︿ᠬᠤᠤᠰ ᠬᠠᠷᠢᠯᠴᠠᠬᠤ﹀﹀ ᠠᠵᠢᠯᠯᠠᠭ᠎ᠠ ᠳᠤ ᠣᠷᠤᠯᠴᠠᠪᠠ
ᠨᠡᠶᠢᠲᠡᠯᠡᠭᠰᠡᠨ ᠴᠠᠭ᠄
2024/7/23
      6 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠡᠩ ᠤᠨ ᠠᠷᠠᠳ ᠤᠨ ᠲᠥᠯᠥᠭᠡᠯᠡᠭᠴᠢ ᠶᠢᠨ ᠬᠤᠪᠢ ᠪᠠᠷ ︿︿ᠠᠷᠠᠳ ᠤᠨ ᠰᠠᠨᠠᠯ᠂ ᠲᠥᠯᠦᠭᠡᠯᠡᠭᠴᠢᠳ ᠤᠨ ᠪᠣᠯᠵᠤᠭ᠎ᠠ﹀﹀ ᠤᠯᠢᠶᠠᠰᠤᠲᠠᠢ ᠪᠠᠯᠭᠠᠰᠤᠨ ᠤ ᠰᠣᠩᠭᠤᠭᠤᠯᠢ ᠶᠢᠨ ᠲᠣᠭᠤᠷᠢᠭ ᠤᠨ ᠬᠤᠰᠢᠭᠤ ᠲᠡᠰ ᠤᠨ ᠠᠷᠠᠳ ᠤᠨ ᠲᠥᠯᠥᠭᠡᠯᠡᠭᠴᠢᠳ ᠤᠨ ︿︿ᠬᠤᠤᠰ ᠬᠠᠷᠢᠯᠴᠠᠬᠤ﹀﹀ ᠠᠵᠢᠯᠯᠠᠭ᠎ᠠ ᠳᠤ ᠣᠷᠣᠯᠴᠠᠪᠠ  ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠷᠠᠨᠰᠦ᠋ᠬᠡ ᠪᠣᠯᠣᠨ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠢᠶᠠᠰᠤᠲᠠᠢ ᠪᠠᠯᠭᠠᠰᠤᠨ ᠤ ᠰᠣᠩᠭᠤᠭᠤᠯᠢ ᠶᠢᠨ ᠲᠣᠭᠤᠷᠢᠭ ᠤᠨ ᠬᠡᠰᠡᠭ ᠲᠥᠯᠥᠭᠡᠯᠡᠭᠴᠢ ᠪᠠ ᠰᠣᠩᠭᠤᠭᠤᠯᠢ ᠶᠢᠨ ᠠᠷᠠᠳ ᠠᠵᠢᠯᠯᠠᠭ᠎ᠠ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠰᠢᠭᠤ ᠠᠷᠠᠳ ᠤᠨ ᠲᠥᠯᠥᠭᠡᠯᠡᠭᠴᠢ ᠸᠠᠩ ᠬᠤᠩ ᠶᠠᠨ᠂ ᠺᠠᠩ ᠱᠤ᠋ ᠶᠢᠩ ᠲᠣᠰ ᠲᠣᠰ ᠲᠤᠬᠠᠶ ᠶᠢᠨ ᠲᠠᠯᠠᠪᠠᠶ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠪᠤᠰᠤᠳ ᠲᠥᠯᠥᠭᠡᠯᠡᠭᠴᠢᠳ ᠪᠢᠴᠢᠭ  ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠠ᠃ ᠳᠠᠷᠠᠭ᠎ᠠ ᠨᠢ᠂ ᠬᠤᠰᠢᠭᠤ ᠠᠷᠠᠳ ᠤᠨ ᠲᠥᠯᠥᠭᠡᠯᠡᠭᠴᠢ ᠪᠠ ᠰᠣᠩᠭᠤᠭᠤᠯᠢ ᠶᠢᠨ ᠠᠷᠠᠳ ᠮᠠᠯᠵᠢᠬᠤ ᠣᠷᠣᠨ ᠤ ᠬᠥᠭᠵᠢᠯᠲᠡ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠢᠩᠭᠠᠨ ᠴᠢᠬᠤᠯᠠᠴᠢᠯᠠᠬᠤ ᠳᠠᠭᠠᠨ᠂ ᠲᠥᠯᠥᠭᠡᠯᠡᠭᠴᠢ ᠲᠠᠢ ᠬᠠᠷᠢᠯᠴᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠬᠦ ᠲᠠᠪᠴᠠᠩ ᠢ ᠥᠷᠭᠡᠳᠬᠡᠵᠦ᠂ ᠬᠠᠷᠢᠯᠴᠠᠬᠤ ᠠᠷᠭ᠎ᠠ ᠵᠠᠮ ᠢ ᠥᠷᠭᠡᠳᠬᠡᠵᠦ᠂ ᠬᠠᠷᠢᠯᠴᠠᠬᠤ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠠᠷᠠᠳ ᠤᠨ ᠲᠥᠯᠥᠭᠡᠯᠡᠭᠴᠢ ᠪᠣᠯᠤᠨ ᠠᠷᠠᠳ ᠤᠯᠠᠨ ᠤ ᠬᠠᠷᠢᠯᠴᠠᠭ᠎ᠠ ᠶᠢ ᠴᠢᠩᠭᠠᠳᠬᠠᠵᠤ᠂ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠬᠡᠬᠦ ᠠᠷᠠᠳ ᠤᠨ ᠰᠠᠨᠠᠭᠠᠨ ᠤ ᠰᠠᠭᠤᠷᠢ ᠪᠣᠯᠤᠨ ᠨᠡᠶᠢᠭᠡᠮ ᠤᠨ ᠦᠢᠯᠡᠳᠦᠯᠭᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠵᠢᠯ ᠣᠯᠵᠤ ᠦᠶᠯᠡᠰ ᠪᠤᠰᠬᠠᠬᠤ᠂ ᠰᠤᠷᠭᠠᠨ ᠬᠥᠮᠦᠵᠢᠯ ᠡᠮ ᠡᠮᠨᠡᠯᠭᠡ᠂ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠵᠡᠷᠭᠡ ᠠᠷᠠᠳ ᠣᠯᠠᠨ ᠲᠠᠢ ᠨᠢᠭᠲᠠ ᠬᠤᠯᠪᠣᠭ᠎ᠠ  ᠲᠠᠢ ᠬᠠᠯᠠᠮᠰᠢᠯ ᠬᠦᠴᠢᠷ ᠠᠰᠠᠭᠤᠳᠠᠯ ᠤᠨ ᠲᠣᠭᠤᠷᠢᠨ ᠳᠤ᠂ ᠠᠷᠠᠳ ᠤᠨ ᠠᠮᠢᠳᠤᠷᠠᠯ ᠤᠨ ᠠᠰᠠᠭᠤᠳᠠᠯ ᠢ ᠤᠷᠢᠳ  ᠢᠶᠠᠷ ᠰᠢᠶᠳᠪᠦᠷᠢᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯᠳᠠᠯᠭ᠎ᠠ ᠲᠠᠢ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠨᠡᠶᠢᠭᠡᠮ ᠤᠨ ᠠᠵᠢᠯ ᠦᠶᠯᠡᠰ ᠢ ᠪᠥᠬᠦ ᠲᠠᠯ᠎ᠠ ᠪᠠᠷ ᠬᠥᠭᠵᠢᠭᠦᠯᠵᠦ᠂ ᠬᠤᠰᠢᠭᠤ ᠨᠠᠮ ᠤᠨ         ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠠᠩ ᠨᠡᠶᠢᠴᠡᠭᠦᠯᠦᠨ᠂ ᠣᠯᠠᠨ ᠲᠦᠮᠡᠨ ᠤ ᠬᠦᠰᠡᠯ ᠰᠠᠨᠠᠭ᠎ᠠ ᠶᠢ ᠲᠤᠰᠬᠠᠵᠤ᠂ ᠬᠥᠮᠦᠰ ᠢ ᠶᠡᠬᠡᠰᠬᠡᠬᠦ ᠠᠵᠢᠯ ᠢ ᠨᠠᠩ ᠦᠨᠳᠤᠷᠴᠡ ᠲᠠᠢ ᠪᠣᠯᠭᠠᠵᠤ᠂ ᠬᠥᠭᠵᠢᠯᠲᠡ ᠶᠢᠨ ᠠᠮᠵᠢᠯᠲᠠ ᠪᠦᠲᠦᠮᠵᠢ ᠶᠢ ᠨᠠᠩ ᠬᠠᠯᠠᠭᠤᠨ ᠳᠤᠯᠠᠭᠠᠨ᠂ ᠠᠷᠠᠳ ᠲᠤ ᠠᠰᠢᠭ ᠬᠦᠷᠲᠡᠭᠡᠬᠦ ᠬᠠᠷᠢᠭᠤᠯᠲᠠ ᠶᠢᠨ ᠬᠠᠭᠤᠳᠠᠰᠤ ᠶᠢ ᠨᠠᠩ ᠵᠤᠵᠠᠭᠠᠨ ᠪᠣᠯᠭᠠᠬᠤ ᠬᠡᠷᠡᠭᠲᠡᠶ ᠭᠡᠪᠡ᠃      ᠶᠠᠷᠢᠯᠴᠠᠬᠤ ᠬᠤᠷᠠᠯ ᠳᠠᠭᠤᠰᠤᠭᠰᠠᠨ ᠤ ᠳᠠᠷᠠᠭ᠎ᠠ᠂ ᠬᠢᠩᠭᠠᠨ ᠬᠤᠰᠢᠭᠤ ᠠᠷᠠᠳ ᠤᠨ ᠲᠥᠯᠥᠭᠡᠯᠡᠭᠴᠢ᠂ ᠰᠠᠭᠤᠭᠠᠯᠢ ᠠᠷᠠᠳ ᠤᠨ ᠲᠥᠯᠥᠭᠡᠯᠡᠭᠴᠢ ᠲᠠᠢ ᠬᠠᠮᠲᠤ ᠪᠠᠷ ︿︿ᠭᠠᠷ ᠭᠠᠷ ᠢᠶᠠᠨ ᠬᠤᠯᠪᠤᠯᠴᠠᠨ᠂ ᠦᠨᠳᠦᠰᠦᠳᠡᠨ ᠤ ᠪᠦᠯᠬᠦᠮᠳᠡᠯ ᠢ ᠬᠠᠮᠲᠦᠪᠡᠷ ᠪᠢᠴᠢᠭᠯᠡᠶ᠎ᠡ﹀﹀ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠤᠯ ᠰᠡᠳᠦᠪᠲᠦ ᠠᠵᠢᠯᠯᠠᠭ᠎ᠠ ᠳᠤ ᠣᠷᠤᠯᠴᠠᠵᠤ᠂ ᠰᠤᠷᠤᠭᠴᠢᠳ ᠲᠠᠢ ᠬᠠᠮᠲᠤ ᠰᠣᠯᠣᠩᠭᠠᠨ ᠥᠩᠭᠡᠲᠦ ᠵᠢᠷᠤᠭ ᠤᠨ ᠪᠥᠰ ᠳᠡᠭᠡᠷ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ ᠬᠠᠶᠢᠷ᠎ᠠ ᠶᠢᠨ ᠵᠢᠷᠤᠭ ᠢ ᠵᠢᠷᠤᠭᠰᠠᠨ ᠪᠥᠭᠡᠳ ᠪᠠᠭᠠᠴᠤᠳ ᠬᠡᠦᠬᠡᠳ ᠲᠤ ᠨᠣᠮ ᠪᠢᠴᠢᠭ ᠪᠠ ᠰᠣᠶᠣᠯ ᠲᠠᠮᠢᠷ ᠤᠨ ᠬᠡᠷᠡᠭᠰᠡᠯ ᠪᠡᠯᠡᠭᠯᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号