ᠮᠠᠨᠳᠤᠬᠤᠪᠤᠯᠠᠭ ᠪᠠᠯᠭᠠᠰᠤ 2024 ᠣᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
      7 ᠰᠠᠷ᠎ᠠ ᠶᠢᠨ 16 ᠤ ᠡᠳᠦᠷ᠂ ᠮᠠᠨᠳᠤᠬᠤᠪᠤᠯᠠᠭ ᠪᠠᠯᠭᠠᠰᠤ 2024 ᠣᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ  ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳᠠᠶᠢᠴᠢᠨ ᠡᠷᠭᠢᠯᠡᠵᠡᠶ᠃      ᠬᠤᠷᠠᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠰᠬᠠᠢ ᠰᠡᠳᠦᠪ ᠤᠨ ᠲᠣᠪᠴᠢᠯᠠᠯ᠂ ᠶᠡᠷᠦᠩᠬᠡᠢ ᠱᠦᠵᠢ ᠰᠢ ᠶᠢᠨ ᠫᠢᠩ ᠤᠨ ᠨᠠᠮ  ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠮᠡᠳᠡᠭᠳᠡᠯ᠂ ᠨᠠᠮ ᠤᠨ ᠲᠥᠪ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠭᠡᠨ᠂ ᠴᠢᠩᠭ᠎ᠠ ᠱᠠᠭᠠᠷᠳᠠᠯᠭ᠎ᠠ᠂ ᠪᠣᠳᠠᠲᠠᠢ ᠰᠤᠷᠲᠠᠯ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠠᠵᠢᠯᠯᠠᠭ᠎ᠠ ᠲᠠᠢ ᠪᠠᠨ ᠤᠶᠠᠯᠳᠤᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ         ᠰᠠᠬᠢᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠴᠤᠭ ᠵᠢᠪᠬᠤᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠨᠠᠮ ᠤᠨ ᠲᠥᠯᠥᠭᠡ ᠬᠠᠷᠢᠭᠤᠴᠠᠯᠭ᠎ᠠ ᠪᠠᠨ ᠭᠦᠢᠴᠡᠳᠭᠡᠨ᠂ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠲᠡᠢ᠃ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠢᠳᠡᠪᠬᠢᠲᠡᠢ ᠡᠷᠡᠭᠦᠯ ᠰᠠᠷᠠᠭᠤᠯ ᠠᠮᠢᠳᠤᠷᠠᠯ ᠤᠨ ᠳᠤᠷ᠎ᠠ ᠰᠣᠨᠢᠷᠬᠠᠯ ᠢ ᠬᠥᠮᠦᠵᠢᠭᠦᠯᠦᠨ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠠ ᠶᠢᠨ ᠬᠦᠷᠢᠶ᠎ᠡ ᠶᠢ ᠤᠬᠠᠮᠰᠠᠷ ᠠᠴᠠ ᠪᠠᠨ ᠴᠡᠪᠡᠷᠰᠢᠭᠦᠯᠵᠦ᠂ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠢ ᠴᠢᠬᠤᠯᠠᠴᠢᠯᠠᠨ᠂ ᠠᠷᠢᠭᠤᠨ ᠴᠢᠬᠡᠴᠢ ᠪᠠᠷ ᠬᠥᠮᠥᠨ ᠪᠣᠯᠬᠤ᠂ ᠠᠷᠢᠭᠤᠨ ᠴᠢᠬᠡᠴᠢ ᠪᠠᠷ ᠠᠵᠢᠯ ᠬᠢᠬᠦ᠂ ᠠᠷᠢᠭᠤᠨ ᠴᠢᠬᠡᠴᠢ ᠪᠠᠷ ᠭᠡᠷ ᠪᠦᠯᠢ ᠪᠠᠨ ᠴᠣᠭᠴᠠᠯᠠᠬᠤ ᠶᠢ ᠪᠡᠶᠡᠯᠡᠭᠦᠯᠬᠦ ᠬᠡᠷᠡᠭᠲᠡᠢ᠃      ᠬᠠᠮᠲᠤ ᠶᠢᠨ ᠰᠤᠷᠤᠯᠴᠠᠯᠭ᠎ᠠ ᠶᠢᠨ ᠡᠴᠦᠰ ᠲᠤ᠂ ᠨᠠᠮ ᠤᠨ ᠬᠤᠷᠢᠶᠠᠨ ᠤ ᠱᠦᠵᠢ ᠳᠠᠶᠢᠴᠢᠨ ︽ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠤᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠲᠠᠢ ᠤᠶᠠᠯᠳᠤᠭᠤᠯᠤᠨ᠂ ᠡᠳᠦᠷ ᠲᠤᠳᠤᠮ ᠤᠨ ᠠᠵᠢᠯ ᠤᠨ ᠪᠣᠳᠠᠲᠤ ᠪᠠᠶᠢᠳᠠᠯ ᠪᠠ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠪᠠᠶᠢᠳᠠᠯ ᠪᠠ ᠡᠭᠦᠷᠭᠡ ᠶᠢ ᠵᠥᠪ ᠢᠶᠠᠷ ᠲᠠᠨᠢᠨ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠪᠠ᠃ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠳᠡᠭᠡᠳᠦ ᠬᠡᠮᠵᠢᠶᠡᠨ ᠤ ᠤᠬᠠᠮᠰᠠᠷ ᠠᠴᠠ ᠪᠠᠨ ᠰᠠᠬᠢᠯᠭ᠎ᠠ ᠪᠠᠲᠤ ᠶᠣᠰᠣ ᠳᠦᠷᠢᠮ ᠢ ᠰᠡᠳᠬᠢᠯ ᠳᠡᠭᠡᠨ ᠬᠠᠳᠠᠩᠰᠢᠭᠤᠯᠵᠤ᠂ ᠪᠣᠳᠠᠲᠤ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠷᠬᠡᠪᠰᠢ ᠥᠨᠢ ᠤᠳᠠᠭᠠᠨ ᠪᠠᠷᠢᠮᠲᠠᠯᠠᠬᠤ ᠬᠡᠷᠡᠭᠲᠡᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号