ᠮᠠᠨᠳᠤᠬᠤᠪᠤᠯᠠᠭ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠡᠯ ᠠᠴᠠ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠭᠤᠣᠯ ᠰᠡᠳᠦᠪᠲᠦ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/23
      ᠲᠡᠷᠢᠭᠦᠨ ᠢ ᠵᠤᠷᠢᠭᠵᠢᠭᠤᠯᠤᠨ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠪᠥᠬᠦ ᠪᠠᠯᠭᠠᠰᠤᠨ ᠤ ᠡᠮᠡᠭᠲᠡᠶᠢᠴᠦᠳ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠭᠢᠭᠤᠯᠤᠨ᠂ ᠡᠮᠡᠭᠲᠡᠶᠢᠴᠦᠳ ᠤᠨ ᠢᠲᠡᠭᠡᠯ ᠵᠣᠷᠢᠭ ᠢᠶᠠᠨ ᠪᠠᠳᠤᠳᠬᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ         ᠬᠠᠮᠳᠤᠳᠬᠠᠨ᠂ ᠬᠦᠴᠦᠯᠡᠨ ᠴᠢᠷᠮᠠᠶᠢᠬᠤ ᠶᠢ ᠵᠣᠷᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠮᠠᠨᠳᠤᠬᠤᠪᠤᠯᠠᠭ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠡᠯ ᠠᠴᠠ ︽ᠨᠠᠮ ᠳᠠᠭᠠᠨ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠠᠵᠢᠯᠯᠠᠭ᠎ᠠ ᠪᠠᠷ ᠲᠣᠬᠢᠶᠠᠯ ᠪᠣᠯᠭᠠᠨ᠂ ᠪᠥᠬᠦ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠡᠯ ᠠᠴᠠ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠵᠦ᠂ ᠪᠥᠬᠦ ᠪᠠᠯᠭᠠᠰᠤᠨ ᠤ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ 300 ᠰᠢᠬᠠᠮ ᠡᠮᠡᠭᠲᠡᠢ ᠲᠥᠯᠥᠭᠡᠯᠡᠭᠴᠢ ᠠᠵᠢᠯᠯᠠᠭᠠᠨ ᠳᠤ ᠣᠷᠣᠯᠴᠠᠵᠠᠢ᠃      ᠠᠵᠢᠯᠯᠠᠭᠠᠨ ᠳᠤ᠂ ᠪᠠᠯᠭᠠᠰᠤᠨ ᠤ ᠤᠳᠤᠷᠢᠳᠤᠯᠭ᠎ᠠ ᠠᠴᠠ ᠰᠢᠯᠢᠳᠡᠭ ᠡᠮᠡᠭᠲᠡᠶᠢᠴᠦᠳ ᠤᠨ ᠬᠤᠯᠪᠤᠭᠠᠳᠤ ᠬᠤᠷᠡᠯ ᠤᠨ ᠵᠦᠪᠯᠡᠯ ᠤᠨ ᠬᠡᠰᠢᠭᠦᠨ᠂ ︽3·8︾ ᠤ ᠤᠯᠠᠭᠠᠨ ᠲᠤᠭᠴᠢ᠂ ᠪᠣᠯᠪᠠᠰᠤᠨ ᠭᠡᠷ ᠪᠦᠯᠢ᠂ ᠰᠢᠯᠢᠳᠡᠭ ᠬᠥᠳᠡᠯᠮᠦᠷᠢᠴᠢᠨ ᠡᠮᠡᠭᠲᠡᠶᠢᠴᠦᠳ᠂ ᠦᠢᠯᠡᠰ ᠪᠣᠰᠬᠠᠬᠤ ᠳᠠᠭᠠᠭᠤᠯᠤᠭᠴᠢ᠂ ᠡᠨᠡᠷᠢᠯᠳᠥ ᠡᠵᠢ ᠵᠡᠷᠭᠡ 48 ᠰᠢᠯᠢᠳᠡᠭ ᠡᠮᠡᠭᠲᠡᠶᠢᠴᠦᠳ ᠢ ᠬᠥᠬᠢᠭᠦᠯᠦᠨ ᠱᠠᠩᠨᠠᠵᠤ᠂  ᠥᠷᠭᠡᠨ ᠤᠯᠠᠨ ᠡᠮᠡᠭᠲᠡᠶᠢᠴᠦᠳ ᠢ ᠨᠡᠩ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠰᠢᠨ᠎ᠡ ᠴᠠᠭ ᠦᠶ᠎ᠡ ᠤᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠬᠤ ᠶᠢ ᠵᠣᠷᠢᠭᠵᠢᠭᠤᠯᠬᠤ ᠪᠠᠷ ᠵᠣᠷᠢᠯᠲᠠ ᠪᠠᠨ ᠪᠣᠯᠭᠠᠭᠰᠠᠨ ᠪᠠᠶᠢᠨ᠎ᠠ᠃      ᠡᠮᠡᠭᠲᠡᠶᠢᠴᠦᠳ ᠤᠨ ᠰᠣᠶᠣᠯ ᠤᠨ ᠠᠮᠢᠳᠤᠷᠠᠯ ᠢ ᠬᠥᠭᠵᠢᠶᠡᠨᠲᠡᠢ ᠪᠤᠯᠭᠠᠨ᠂ ᠡᠮᠡᠭᠲᠡᠶᠢᠴᠦᠳ ᠤᠨ ᠵᠣᠷᠢᠭ ᠢ ᠬᠥᠭᠵᠢᠭᠡᠵᠦ᠂ ᠡᠮᠡᠭᠲᠡᠶᠢᠴᠦᠳ ᠤᠨ ᠭᠤᠸ᠎ᠠ ᠰᠠᠶᠢᠬᠠᠨ ᠢ ᠢᠯᠡᠷᠡᠭᠦᠯᠬᠦ ᠶᠢᠨ ᠲᠥᠯᠥᠭᠡ᠂  ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠪᠠᠰᠠ ᠤᠯᠠᠨ ᠵᠦᠢᠯ ᠤᠨ ᠬᠡᠯᠪᠡᠷᠢ ᠶᠢᠨ ᠰᠣᠨᠢᠷᠬᠠᠯᠲᠠᠢ ᠲᠣᠭᠯᠠᠭᠠᠮ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠢᠶᠠᠷ ᠢᠶᠠᠨ ᠢᠳᠡᠪᠬᠢᠲᠡᠢ ᠤᠷᠤᠯᠴᠠᠨ᠂ ᠡᠷᠳᠡᠮ ᠴᠢᠳᠠᠪᠤᠷᠢ ᠪᠠᠨ ᠢᠯᠡᠷᠡᠭᠦᠯᠵᠦ᠂ ᠭᠠᠴᠠᠭᠠᠨ ᠤ ᠡᠮᠡᠭᠲᠡᠶᠢᠴᠦᠳ ᠤᠨ ᠤᠷᠤᠭᠰᠢᠯᠠᠨ ᠲᠠᠪᠰᠢᠬᠤ᠂ ᠡᠷᠡᠮᠡᠬᠡᠶᠢᠯᠡᠨ ᠲᠠᠪᠰᠢᠬᠤ ᠳᠦᠷᠢ ᠲᠥᠷᠬᠦ ᠶᠢ ᠭᠦᠢᠴᠡᠳ ᠢᠯᠡᠷᠡᠭᠦᠯᠤᠨ᠂ ᠠᠯᠠᠭ᠎ᠠ ᠲᠡᠰᠢᠯᠲᠡ ᠶᠢᠨ ᠲᠠᠭᠤᠨ᠂ ᠮᠠᠭᠲᠠᠨ ᠳᠠᠭᠤᠯᠠᠬᠤ ᠲᠠᠭᠤᠨ ᠲᠠᠰᠤᠷᠠᠯᠳᠠ ᠦᠭᠡᠢ ᠳᠠᠭᠤᠷᠢᠰᠴᠤ ᠪᠠᠶᠢᠯ᠎ᠠ᠃ ᠣᠯᠠᠨ ᠢᠶᠠᠷ ᠢᠶᠠᠨ ᠢᠯᠡᠷᠬᠡᠶᠢᠯᠡᠭᠰᠡᠨ ᠨᠢ᠄ ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ  ᠨᠢ ᠪᠠᠶᠠᠯᠢᠭ ᠪᠥᠭᠡᠳ ᠰᠣᠨᠢᠷᠬᠠᠯᠲᠠᠢ᠂ ᠬᠤᠶᠢᠰᠢᠳᠠ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠢᠳᠡᠪᠬᠢᠲᠡᠢ ᠪᠠᠶᠢᠳᠠᠯ ᠢᠶᠠᠷ ︽ᠬᠠᠭᠠᠰ ᠲᠡᠭᠷᠢ︾ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠡᠮᠡᠭᠲᠡᠶᠢᠴᠦᠳ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠥᠷᠭᠡᠨ ᠣᠯᠠᠨ ᠡᠮᠡᠭᠲᠡᠶᠢᠴᠦᠳ ᠢ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠡᠮᠡᠭᠲᠡᠶᠢᠴᠦᠳ᠂ ᠬᠡᠦᠬᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠬᠡᠵᠠᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号