ᠬᠠᠲᠠᠪᠴᠢ ᠪᠠᠯᠭᠠᠰᠤᠨ ᠤ ᠬᠤᠯᠪᠤᠭᠠᠳᠤ ᠡᠪᠯᠡᠯ ᠤᠨ ᠬᠤᠷᠢᠶ᠎ᠠ ᠨᠢ ᠬᠢᠯᠢ ᠶᠢᠨ ᠡᠪᠯᠡᠯ ᠤᠨ ᠪᠠᠶᠢᠭᠤᠯᠤᠯᠳᠠ ᠶᠢᠨ ᠬᠠᠮᠳᠤᠷᠠᠨ ᠪᠠᠶᠢᠭᠤᠯᠵᠤ ᠬᠠᠮᠳᠤᠪᠡᠷ ᠴᠤᠭᠴᠠᠯᠠᠬᠤ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
      ᠬᠢᠯᠢ ᠬᠢᠵᠠᠭᠠᠷ ᠣᠷᠣᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠳᠤᠷᠠᠨ ᠪᠠᠶᠢᠭᠤᠯᠵᠤ ᠬᠠᠮᠳᠤᠪᠡᠷ ᠴᠤᠭᠴᠠᠯᠠᠬᠤ ᠠᠵᠢᠯᠯᠠᠭ᠎ᠠ ᠶᠢᠨ ᠠᠴᠢᠶᠠᠯᠠᠪᠤᠷᠢ ᠶᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠡᠪᠯᠡᠯ ᠤᠨ ᠪᠠᠶᠢᠭᠤᠯᠤᠯᠲᠠ ᠶᠢᠨ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ 7 ᠰᠠᠷ᠎ᠠ ᠶᠢᠨ 10 ᠤ ᠡᠳᠦᠷ᠂ ᠬᠠᠳᠠᠪᠴᠢ ᠪᠠᠯᠭᠠᠰᠤᠨ ᠤ ᠡᠪᠯᠡᠯ ᠤᠨ ᠬᠤᠷᠢᠶ᠎ᠠ ᠨᠢ ᠬᠢᠯᠢ ᠶᠢᠨ ᠡᠪᠯᠡᠯ ᠤᠨ ᠪᠠᠶᠢᠭᠤᠯᠤᠯᠳᠠ ᠶᠢᠨ ᠬᠠᠮᠳᠤᠷᠠᠨ ᠪᠠᠶᠢᠭᠤᠯᠵᠤ ᠬᠠᠮᠳᠤᠪᠡᠷ ᠴᠤᠭᠴᠠᠯᠠᠬᠤ ᠠᠵᠢᠯ ᠤᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ         ᠬᠤᠷᠠᠯᠳᠤᠭᠤᠯᠵᠤ᠂ ᠪᠣᠭᠤᠮᠲᠠ᠂ ᠬᠢᠯᠢ ᠶᠢᠨ ᠪᠠᠶᠢᠴᠠᠭᠠᠬᠤ ᠥᠷᠲᠡᠭᠡ᠂ ᠬᠢᠯᠢ ᠶᠢᠨ ᠲᠣᠮᠢᠯᠠᠭᠰᠠᠨ ᠰᠠᠯᠪᠤᠷᠢ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠳᠤᠮᠳᠠ ᠠᠩᠭᠢ ᠵᠡᠷᠭᠡ ᠪᠠᠯᠭᠠᠰᠤᠨ ᠳᠤ ᠰᠠᠭᠤᠭ᠎ᠠ 8 ᠨᠢᠭᠡᠴᠡ ᠶᠢᠨ ᠡᠪᠯᠡᠯ ᠤᠨ ᠡᠭᠦᠷ ᠤᠨ ᠱᠦᠵᠢ᠂ ᠵᠠᠯᠠᠭᠤᠴᠤᠳ ᠤᠨ ᠠᠵᠢᠯ ᠤᠨ ᠬᠠᠷᠢᠭᠤᠴᠠᠯᠭᠠᠲᠠᠨ  ᠬᠤᠷᠠᠯ ᠳᠤ ᠣᠷᠣᠯᠴᠠᠪᠠ᠃      ᠬᠤᠷᠠᠯ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢ ᠶᠢᠨ ᠭᠤᠤᠯ ᠠᠶᠢᠮᠠᠭ ᠤᠨ ᠬᠤᠷᠢᠶ᠎ᠠ ᠶᠢᠨ       ︽ᠰᠢᠯᠢ ᠶᠢᠨ ᠭᠤᠤᠯ ᠠᠶᠢᠮᠠᠭ ᠤᠨ ᠬᠢᠯᠢ ᠬᠢᠵᠠᠭᠠᠷ ᠤᠨ ᠡᠪᠯᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠬᠦ ᠠᠵᠢᠯ ᠤᠨ ᠬᠡᠷᠡᠭᠵᠢᠭᠦᠯᠬᠦ ᠲᠥᠰᠦᠯ︾᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠶᠢᠨ ︽ᠬᠢᠯᠢ ᠶᠢᠨ ᠰᠤᠮᠤ ᠪᠠᠯᠭᠠᠰᠤᠨ ᠤ ᠪᠠᠶᠢᠭᠤᠯᠤᠮᠵᠢ ᠶᠢᠨ ᠪᠤᠰᠤ ᠴᠢᠨᠠᠷᠲᠠᠶ ᠬᠤᠯᠪᠣᠭᠠᠲᠤ ᠡᠪᠯᠡᠯ ᠤᠨ ᠵᠤᠬᠢᠶᠠᠨ ᠪᠠᠶᠢᠭᠤᠯᠤᠯᠳᠠ ᠶᠢᠨ ︿ᠳᠦᠷᠪᠡ ᠶᠢ ᠪᠡᠶᠡᠯᠡᠭᠦᠯᠬᠦ﹀ ᠶᠢ ᠬᠠᠮᠳᠤᠷᠠᠨ ᠪᠠᠶᠢᠭᠤᠯᠵᠤ ᠬᠠᠮᠳᠤᠪᠡᠷ ᠴᠤᠭᠴᠠᠯᠠᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠤᠯᠠᠮᠵᠢᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠲᠠᠪᠴᠢ ᠪᠠᠯᠭᠠᠰᠤᠨ ᠤ ᠬᠤᠷᠢᠶ᠎ᠠ ᠶᠢᠨ ︽ᠬᠠᠳᠠᠪᠴᠢ ᠪᠠᠯᠭᠠᠰᠤᠨ ᠤ ᠪᠠᠶᠢᠭᠤᠯᠤᠮᠵᠢ ᠶᠢᠨ ᠪᠤᠰᠤ ᠴᠢᠨᠠᠷᠲᠠᠶ ᠬᠤᠯᠪᠣᠭᠠᠲᠤ ᠡᠪᠯᠡᠯ ᠤᠨ ᠬᠤᠷᠢᠶ᠎ᠠ ᠶᠢ ᠪᠠᠶᠢᠭᠤᠯᠬᠤ ᠲᠤᠬᠠᠶ ᠮᠡᠳᠡᠭᠳᠡᠯ︾ ᠢ ᠵᠠᠷᠯᠠᠨ ᠤᠩᠰᠢᠭᠰᠠᠨ ᠪᠥᠭᠡᠳ ᠬᠢᠯᠢ ᠶᠢᠨ ᠡᠪᠯᠡᠯ ᠤᠨ ᠪᠠᠶᠢᠭᠤᠯᠤᠯᠲᠠ ᠶᠢᠨ ᠠᠵᠢᠯ ᠤᠨ ᠲᠣᠭᠤᠷᠢᠨ ᠳᠤ ᠶᠠᠷᠢᠯᠴᠠᠨ ᠰᠠᠨᠠᠯ ᠢᠶᠠᠨ ᠰᠣᠯᠢᠯᠴᠠᠪᠠ᠃      ᠰᠠᠭᠤᠳᠠᠯ ᠤᠨ ᠬᠤᠷᠠᠯ ᠤᠨ ᠳᠠᠷᠠᠭ᠎ᠠ᠂ ᠬᠠᠳᠠᠪᠴᠢ ᠪᠠᠯᠭᠠᠰᠤᠨ ᠤ ᠬᠤᠯᠪᠣᠭᠠᠲᠤ ᠡᠪᠯᠡᠯ ᠤᠨ ᠬᠤᠷᠢᠶ᠎ᠠ ᠨᠢ       ︽ᠤᠮᠠᠷᠠᠲᠤ ᠬᠢᠯᠢ ᠶᠢᠨ ᠵᠠᠯᠠᠭᠤᠴᠤᠳ ᠨᠠᠮ ᠢᠶᠠᠨ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠡᠪᠯᠡᠯ ᠤᠨ ᠭᠡᠰᠢᠭᠦᠨ ᠵᠠᠯᠠᠭᠤᠴᠤᠳ ᠬᠢᠯᠢ ᠶᠢᠨ ᠭᠠᠴᠠᠭ᠎ᠠ ᠪᠤᠯᠬᠤ ᠱᠠᠩᠳᠤ ᠭᠠᠴᠠᠭᠠᠨ ᠤ ᠬᠤᠪᠢᠰᠬᠠᠯ ᠤᠨ ᠬᠥᠮᠦᠵᠢᠯ ᠤᠨ ᠭᠠᠵᠠᠷ ᠲᠤ ᠭᠦᠨᠵᠡᠭᠡᠶᠢᠷᠡᠵᠦ᠂ ᠬᠤᠪᠢᠰᠬᠠᠯ ᠤᠨ ᠬᠥᠮᠦᠵᠢᠯ ᠢ ᠬᠦᠷᠲᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠳᠠᠪᠲᠠᠨ ᠪᠣᠯᠪᠠᠰᠤᠷᠠᠭᠤᠯᠪᠠ᠃ ᠬᠢᠯᠢ ᠬᠢᠵᠠᠭᠠᠷ ᠤᠨ ᠮᠠᠯᠴᠢᠨ ᠲᠦᠮᠡᠨᠭᠡᠷᠡᠯ ᠤᠨ ᠭᠡᠷ ᠲᠤ ᠬᠦᠷᠴᠦ᠂ ᠡᠪᠯᠡᠯ ᠤᠨ ᠭᠡᠰᠢᠭᠦᠨ ᠵᠠᠯᠠᠭᠤᠴᠤᠳ ᠬᠢᠯᠢ ᠬᠢᠵᠠᠭᠠᠷ ᠢ ᠰᠠᠬᠢᠵᠤ ᠪᠠᠶᠢᠭ᠎ᠠ ᠪᠠᠶᠢᠳᠠᠯ ᠢ ᠣᠶᠢᠯᠠᠭᠠᠵᠤ᠂ ᠡᠪᠯᠡᠯ ᠳᠤ ᠣᠷᠣᠬᠤ ᠲᠠᠩᠭᠠᠷᠢᠭ ᠢᠶᠠᠨ ᠳᠠᠬᠢᠨ ᠳᠠᠩᠭᠠᠷᠢᠭᠯᠠᠪᠠ᠃      ᠲᠠᠷᠠᠭᠠᠴᠢ ᠶᠢᠨ ᠠᠯᠬᠤᠮ ᠳᠤ᠂ ᠬᠠᠳᠠᠪᠴᠢ ᠪᠠᠯᠭᠠᠰᠤᠨ ᠤ ᠬᠤᠯᠪᠣᠭᠠᠲᠤ ᠡᠪᠯᠡᠯ ᠤᠨ ᠬᠤᠷᠢᠶ᠎ᠠ ᠨᠢ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠢᠵᠢᠯᠢᠰᠢᠭᠦᠯᠬᠦ᠂ ᠦᠨᠳᠦᠰᠦᠨ ᠱᠠᠲᠤᠨ ᠤ ᠪᠠᠬᠢᠯᠡᠯᠲᠡ ᠶᠢ ᠵᠢᠷᠤᠮᠵᠢᠭᠤᠯᠬᠤ᠂ ᠬᠥᠭᠵᠢᠯᠲᠡ ᠶᠢ ᠣᠷᠣᠨ ᠪᠦᠰᠡᠵᠢᠭᠦᠯᠬᠦ᠂ ᠬᠢᠯᠢ ᠬᠢᠵᠠᠭᠠᠷ ᠢ ᠬᠠᠮᠠᠭᠠᠯᠠᠵᠤ ᠬᠤᠯᠪᠣᠭᠠᠯᠠᠨ ᠰᠡᠷᠭᠡᠶᠢᠯᠡᠬᠦ ᠶᠢ ᠪᠠᠶᠢᠩᠭᠤᠵᠢᠭᠤᠯᠬᠤ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠢᠯᠢ ᠬᠢᠵᠠᠭᠠᠷ ᠣᠷᠣᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠡᠪᠯᠡᠯ ᠤᠨ ᠭᠡᠰᠢᠭᠦᠨ ᠵᠠᠯᠠᠭᠤᠴᠤᠳ ᠤᠨ ᠬᠠᠮᠳᠤᠷᠠᠨ ᠪᠠᠶᠢᠭᠤᠯᠵᠤ ᠬᠠᠮᠳᠤᠪᠡᠷ ᠴᠤᠭᠴᠠᠯᠠᠬᠤ ᠶᠢ ᠠᠬᠢᠭᠤᠯᠵᠤ᠂ ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠳᠤᠷᠠᠨ ᠪᠠᠶᠢᠭᠤᠯᠵᠤ ᠬᠠᠮᠳᠤᠪᠡᠷ ᠴᠤᠭᠴᠠᠯᠠᠬᠤ︾ ᠬᠢᠯᠢ ᠬᠢᠵᠠᠭᠠᠷ ᠤᠨ ᠡᠪᠯᠡᠯ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ᠂ ᠬᠢᠯᠢ ᠬᠢᠵᠠᠭᠠᠷ ᠣᠷᠣᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号