ᠮᠤᠷᠢᠳᠠᠨ ᠨᠠᠮ ᠤᠨ ᠰᠤᠷᠭᠠᠭᠤᠯᠢ ︽ᠰᠤᠷᠤᠯᠴᠠᠯᠭ᠎ᠠ ᠶᠢ ᠬᠡᠷ ᠲᠤᠨᠢ ᠬᠦᠷᠭᠡᠵᠦ︾᠂ ᠨᠠᠮ ᠤᠨ ᠰᠠᠬᠢᠯᠭ᠎ᠠ ᠪᠠᠲᠦ ᠶᠢᠨ ᠰᠤᠷᠤᠯᠴᠠᠯᠭ᠎ᠠ ᠬᠥᠮᠦᠵᠢᠯ ᠢ ︽ᠠᠮᠢᠳᠤᠯᠢᠭ︾  ᠢᠶᠠᠷ ᠦᠷᠨᠢᠭᠦᠯᠪᠡ
ᠨᠡᠶᠢᠲᠡᠯᠡᠭᠰᠡᠨ ᠴᠠᠭ᠄
2024/7/23
      ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠦᠬᠦᠨ ᠢ ᠬᠠᠮᠤᠷᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠠᠳᠠᠪᠴᠢ ᠪᠠᠯᠭᠠᠰᠤᠨ ᠤ ᠮᠤᠷᠢᠳᠠᠨ ᠨᠠᠮ ᠤᠨ ᠰᠤᠷᠭᠠᠭᠤᠯᠢ ᠨᠠᠮ ᠤᠨ ᠭᠡᠰᠢᠭᠦᠨ ᠭᠤᠣᠯᠯᠠᠬᠤ ᠡᠷᠦᠬᠡ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ       ︽ᠰᠤᠷᠤᠯᠴᠠᠯᠭ᠎ᠠ ᠶᠢ ᠬᠡᠷ ᠲᠤᠨᠢ ᠬᠦᠷᠭᠡᠬᠦ︾ ᠠᠵᠢᠯᠯᠠᠭ᠎ᠠ ᠥᠷᠨᠢᠭᠦᠯᠪᠡ᠃      ᠮᠤᠷᠢᠳᠠᠨ ᠨᠠᠮ ᠤᠨ ᠰᠤᠷᠭᠠᠭᠤᠯᠢ ᠶᠢᠨ ᠪᠦᠷᠢᠯᠳᠦᠭᠦᠨ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ        ︽ᠲᠦᠷᠢᠮ︾ ᠤᠨ ᠴᠢᠬᠤᠯᠠ ᠠᠴᠢ ᠬᠤᠯᠪᠣᠭᠳᠠᠯ᠂ ᠭᠤᠤᠯ ᠠᠭᠤᠯᠭ᠎ᠠ᠂ ᠲᠤᠭᠤᠰᠢᠯᠠᠭᠤᠯᠤᠨ ᠬᠡᠷᠡᠭᠵᠢᠭᠦᠯᠬᠦ ᠭᠤᠷᠪᠠᠨ ᠲᠠᠯ᠎ᠠ ᠶᠢᠨ ᠠᠭᠤᠯᠭ᠎ᠠ ᠶᠢᠨ ᠳᠤᠭᠤᠷᠢᠨ ᠳᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ ᠵᠤᠷᠪᠤᠰ ᠳᠠᠷᠠᠭᠠᠯᠠᠨ ᠤᠬᠠᠭᠤᠯᠤᠨ ᠲᠠᠶᠢᠯᠪᠤᠷᠢᠯᠠᠵᠤ᠂ ᠨᠠᠮ ᠤᠨ ᠭᠡᠰᠢᠭᠦᠳ ᠢ ᠨᠠᠮ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ ᠬᠡᠷᠡᠭᠳᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠲᠤᠬᠠᠶ ᠨᠠᠷᠢᠨ ᠲᠠᠶᠢᠯᠤᠮᠵᠢ ᠬᠢᠵᠦ᠂ ᠨᠠᠮ ᠤᠨ ᠭᠡᠰᠢᠭᠦᠨ ᠣᠯᠠᠨ ᠲᠦᠮᠡᠨ ᠳᠤ ᠨᠠᠮ ᠤᠨ ᠠᠷᠠᠳ ᠲᠦᠮᠡᠨ ᠢ ᠳᠡᠭᠡᠳᠦᠯᠡᠬᠦ ᠦᠨᠳᠦᠰᠦᠨ ᠵᠣᠭᠰᠣᠯᠲᠠ ᠪᠠ ᠥᠷᠲᠡᠭ ᠤᠨ ᠬᠥᠭᠡᠭᠡᠴᠡᠯᠳᠦᠯ ᠢ ᠦᠨᠡᠨ ᠬᠦ ᠣᠶᠢᠯᠠᠭᠠᠭᠤᠯᠵᠤ᠂ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠣᠷᠣᠭᠰᠢᠯᠠᠬᠤ ᠶᠢ ᠠᠬᠢᠭᠤᠯᠪᠠ᠃      ᠳᠠᠷᠠᠭᠠᠴᠢ ᠶᠢᠨ ᠠᠯᠬᠤᠮ ᠳᠤ᠂ ᠬᠠᠲᠠᠪᠴᠢ ᠪᠠᠯᠭᠠᠰᠤ ᠦᠷᠭᠦᠯᠵᠢᠯᠡᠨ ︽ᠮᠤᠷᠢᠳᠠᠨ ᠨᠠᠮ ᠤᠨ ᠰᠤᠷᠭᠠᠭᠤᠯᠢ︾ ᠳᠤ ᠲᠦᠰᠢᠭᠯᠡᠨ᠂ ᠲᠣᠭᠲᠠᠭᠰᠠᠨ ᠬᠤᠭᠤᠴᠠᠭ᠎ᠠ ᠲᠠᠢ ᠪᠠᠷ ᠤᠨᠤᠯ ᠤᠨ ᠤᠬᠠᠭᠤᠯᠤᠨ ᠲᠠᠶᠢᠯᠪᠤᠷᠢᠯᠠᠬᠤ᠂ ᠠᠷᠠᠳ ᠤᠨ ᠰᠠᠨᠠᠯ ᠢ ᠬᠤᠷᠢᠶᠠᠬᠤ᠂ ᠣᠷᠣᠯᠠᠨ ᠭᠦᠢᠴᠡᠳᠬᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠰᠤᠷᠤᠯᠴᠠᠬᠤ ᠠᠴᠢᠶᠠᠯᠠᠪᠤᠷᠢ ᠶᠢ ᠪᠠᠶᠠᠯᠢᠭᠵᠢᠭᠤᠯᠵᠤ᠂ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠢ  ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号