ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ ᠳᠤ ᠰᠠᠨᠠᠯ ᠬᠤᠷᠢᠶᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ  ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ  ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠨᠡᠶᠢᠲᠡᠯᠡᠭᠰᠡᠨ ᠴᠠᠭ᠄
2024/7/23
    ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ 5 ᠰᠠᠷ᠎ᠠ ᠶᠢᠨ 20 ᠤ ᠡᠳᠦᠷ ᠵᠥᠩ ᠨᠠᠨ ᠬᠠᠢ ᠳᠤ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ ᠤᠨ ᠲᠤᠬᠠᠢ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠠ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠭᠤᠣᠯᠳᠠᠯᠭ᠎ᠠ ᠲᠠᠢ ᠰᠤᠳᠤᠯᠤᠨ ᠪᠠᠶᠢᠷᠢᠯᠠᠭᠤᠯᠬᠤ ᠶᠢᠨ ᠬᠠᠮᠲᠤ ᠲᠣᠭᠲᠠᠭᠠᠯ ᠭᠠᠷᠭᠠᠨ᠎ᠠ᠂ ᠡᠭᠦᠨ ᠢ ᠰᠢᠨ᠎ᠡ ᠠᠶᠠᠨ ᠳᠤ ᠨᠠᠮ ᠪᠠ ᠤᠯᠤᠰ ᠲᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠠᠴᠠ ᠪᠣᠳᠣᠯᠬᠢᠯᠠᠭᠰᠠᠨ ᠶᠤᠮ᠂ ᠵᠣᠷᠢᠯᠭ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠤᠬᠠᠭᠠᠯᠠᠨ ᠲᠥᠯᠥᠪᠯᠡᠭᠡ ᠪᠠ ᠪᠠᠶᠢᠷᠢᠯᠠᠭᠤᠯᠤᠯᠲᠠ ᠬᠢᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠬᠤ ᠶᠢᠨ ᠲᠥᠯᠥᠭᠡ ᠶᠤᠮ ᠭᠡᠵᠦ ᠴᠢᠬᠤᠯᠠᠴᠢᠯᠠᠪᠠ᠃    ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠵᠧᠩ ᠵᠢᠶᠠᠨ ᠪᠠᠩ᠂ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠳ᠋ᠢᠩ ᠵᠦᠩ ᠯᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠬᠤᠤ ᠮᠢᠩ        ᠶᠢᠨ᠂ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠠ ᠹᠧᠩ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠾᠧ ᠸᠧᠢ᠂ ᡁᠢᠭᠦ᠋ᠩᠳᠠᠩ ᠨᠠᠮ ᠤᠨ ᠲᠥᠪ ᠬᠤᠷᠢᠶᠠᠨ ᠤ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠤᠭ᠎ᠠ ᠶᠢᠨ ᠲᠥᠪ ᠬᠤᠷᠢᠶᠠᠨ ᠤ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠫᠢᠶᠣᠣ ᠱᠢ ᠯᠦᠩ ᠤᠷᠢᠳ ᠬᠤᠵᠢᠳ ᠦᠭᠡ ᠬᠡᠯᠡᠪᠡ᠃ ᠲᠡᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠣᠭᠲᠠᠭᠠᠯ ᠤᠨ ᠨᠣᠣᠷᠠᠭ ᠢ ᠪᠦᠷᠢᠮᠦᠰᠦᠨ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠡᠨᠡ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠵᠦ᠂ ᠲᠡᠦᠬᠡ ᠶᠢᠨ ᠰᠢᠨ᠎ᠡ ᠡᠭᠢᠯᠡᠯᠲᠡ᠂ ᠲᠡᠦᠬᠡ ᠶᠢᠨ ᠰᠢᠨ᠎ᠡ ᠣᠷᠣᠨ ᠪᠠᠶᠢᠷᠢ ᠳᠡᠭᠡᠷᠡᠬᠢ ᠥᠭᠡᠷᠡᠴᠢᠯᠡᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ ᠪᠠ ᠭᠤᠣᠯᠳᠠᠯᠭ᠎ᠠ ᠲᠠᠢ ᠡᠭᠦᠷᠭᠡ ᠵᠡᠷᠭᠡ ᠶᠢ ᠲᠣᠳᠣᠷᠬᠠᠶᠢᠯᠠᠵᠤ᠂ ᠴᠢᠬᠤᠯᠠ ᠶᠡᠭᠡ ᠣᠨᠣᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠪᠠ ᠴᠠᠭ ᠦᠶ᠎ᠡ ᠶᠢᠨ ᠠᠴᠢ ᠬᠤᠯᠪᠣᠭᠳᠠᠯ ᠲᠠᠢ ᠭᠡᠵᠦ ᠰᠠᠨᠠᠯ ᠨᠢᠭᠡᠲᠡᠢ ᠦᠵᠡᠵᠡᠭᠡᠬᠦ ᠶᠢᠨ ᠬᠠᠮᠲᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢᠨ ᠴᠢᠨᠠᠷᠲᠠᠢ ᠬᠠᠷᠰᠢ ᠰᠠᠭᠠᠳ ᠢ ᠠᠷᠢᠯᠭᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠲᠠᠢ ᠵᠣᠬᠢᠴᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠰᠢᠰᠲ᠋ᠧᠮ ᠢ ᠪᠠᠶᠢᠭᠤᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃    ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠶᠠᠭᠤᠨ ᠤ ᠡᠮᠦᠨ᠎ᠡ ᠨᠠᠮ ᠤᠨ ᠲᠥᠪ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠤᠳᠤᠯᠬᠤ ᠪᠣᠳᠣᠯᠬᠢᠯᠠᠯ ᠪᠣᠯᠣᠨ ᠪᠢᠴᠢᠭ ᠮᠠᠲ᠋ᠧᠷᠢᠶᠠᠯ ᠢ ᠲᠤᠭᠤᠷᠪᠢᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠠᠷᠠᠳᠴᠢᠯᠠᠯ ᠢ          ᠪᠠᠳᠠᠷᠠᠭᠤᠯᠵᠤ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠰᠣᠨᠣᠰᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠰᠠᠭᠤᠳᠠᠯ ᠢ ᠰᠤᠳᠤᠯᠬᠤ᠂ ᠴᠢᠬᠤᠯᠠ ᠬᠤᠷᠠᠯ ᠤᠨ ᠪᠢᠴᠢᠭ ᠮᠠᠲ᠋ᠧᠷᠢᠶᠠᠯ ᠢ ᠲᠣᠭᠲᠠᠭᠠᠬᠤ ᠢᠮᠠᠭᠲᠠ ᠶᠢᠨ ᠠᠷᠭ᠎ᠠ ᠪᠠ ᠰᠢᠯᠢᠳᠡᠭ ᠤᠯᠠᠮᠵᠢᠯᠠᠯ ᠮᠥᠨ᠃ ᠨᠢᠳᠤᠨᠤᠨ ᠤ 12 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠲᠤ ᠨᠠᠶᠢᠳᠠᠵᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠵᠥᠪᠯᠡᠬᠦ ᠵᠦᠢᠯ ᠤᠨ ᠲᠤᠬᠠᠢ ᠨᠠᠮ ᠤᠨ ᠭᠠᠳᠠᠨᠠᠬᠢ ᠬᠥᠮᠥᠰ ᠤᠨ ᠰᠠᠨᠠᠯ ᠰᠠᠨᠠᠭᠤᠯᠭ᠎ᠠ ᠶᠢ ᠲᠤᠰᠬᠠᠶᠢᠯᠠᠨ ᠬᠤᠷᠢᠶᠠᠪᠠ᠂ ᠣᠯᠠᠨ ᠢᠶᠠᠷ ᠢᠶᠠᠨ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠲᠤᠷᠰᠢᠯᠭ᠎ᠠ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ᠂ ᠵᠢᠷᠤᠮᠯᠠᠬᠤ ᠴᠢᠬᠤᠯᠠᠲᠠᠢ ᠴᠢᠬᠤᠯᠠ ᠵᠠᠷᠴᠢᠮ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠬᠠᠷᠠᠯᠲᠠ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ᠂ ᠨᠠᠮ ᠤᠨ ᠭᠠᠳᠠᠨᠠᠬᠢ ᠬᠥᠮᠥᠰ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤᠮᠳᠠᠬᠢ ᠦᠢᠯᠡᠳᠦᠯ ᠢ ᠪᠠᠳᠠᠷᠠᠭᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠴᠥᠭᠡᠨ ᠪᠤᠰᠤ ᠦᠨ᠎ᠡ ᠥᠷᠲᠡᠭ ᠲᠠᠢ ᠰᠠᠨᠠᠯ ᠰᠠᠨᠠᠭᠤᠯᠭ᠎ᠠ ᠳᠤᠷᠠᠳᠴᠠᠢ᠃ ᠤᠯᠠᠨ ᠢᠶᠠᠷ ᠢᠶᠠᠨ ᠰᠠᠶ᠋ᠢ ᠶᠢᠨ ᠶᠠᠷᠢᠶᠠᠨ ᠳᠠᠭᠠᠨ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠪᠠ᠂ ᠪᠢᠳᠠ ᠨᠠᠷᠢᠨ ᠬᠢᠨᠠᠮᠠᠭᠠᠢ ᠰᠤᠳᠤᠯᠤᠨ ᠰᠢᠩᠭᠡᠬᠡᠨ ᠠᠪᠤᠨ᠎ᠠ ᠭᠡᠵᠦ ᠵᠢᠭᠠᠵᠤ ᠭᠠᠷᠭᠠᠪᠠ᠃ ᠲᠡᠷᠡ ᠨᠠᠮ ᠤᠨ ᠲᠥᠪ ᠬᠤᠷᠢᠶᠠᠨ ᠤ ᠡᠮᠦᠨ᠎ᠡ ᠠᠴᠠ ᠤᠯᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃    ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠭᠡᠪᠡᠯ ᠠᠰᠠᠭᠤᠳᠠᠯ ᠳᠤ ᠰᠢᠭᠤᠳ ᠬᠠᠨᠳᠤᠬᠤ ᠬᠡᠷᠡᠭᠲᠡᠢ᠃ ᠠᠰᠠᠭᠤᠳᠠᠯ ᠤᠨ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠠᠷᠠᠳ ᠤᠨ ᠰᠡᠳᠬᠢᠯ ᠤᠨ ᠬᠠᠨᠳᠤᠰᠢ ᠳᠤ ᠵᠣᠬᠢᠴᠠᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠤᠨ ᠠᠰᠠᠭᠤᠳᠠᠯ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠨᠥᠯᠥᠭᠡᠯᠡᠵᠦ ᠪᠠᠶᠢᠭ᠎ᠠ ᠬᠠᠯᠠᠮᠰᠢᠯ ᠠᠰᠠᠭᠤᠳᠠᠯ᠂ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠬᠦᠴᠢᠷ ᠠᠰᠠᠭᠤᠳᠠᠯ᠂ ᠨᠠᠮ ᠤᠨ ᠪᠠᠶᠢᠭᠤᠯᠤᠯᠲᠠ ᠶᠢᠨ ᠲᠣᠪᠤᠶᠢᠮ᠎ᠠ ᠠᠰᠠᠭᠤᠳᠠᠯ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠭᠡᠷᠡᠴᠢᠯᠡᠯᠲᠡ ᠶᠢᠨ ᠴᠢᠭᠯᠡᠭᠦᠯᠦᠯᠲᠦ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠦᠷᠭᠦᠯᠵᠢᠯᠡᠨ ᠪᠦᠭᠦ ᠲᠠᠯ᠎ᠠ ᠳᠤ ᠬᠦᠴᠦ ᠣᠷᠣᠭᠤᠯᠤᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠢᠳᠪᠦᠷᠢᠯᠡᠬᠦ ᠴᠢᠬᠤᠯᠠᠲᠠᠢ ᠲᠣᠪᠤᠶᠢᠮ᠎ᠠ ᠠᠰᠠᠭᠤᠳᠠᠯ ᠳᠤ ᠪᠦᠭᠦ ᠲᠠᠯ᠎ᠠ ᠪᠠᠷ ᠪᠦᠷᠬᠦᠭᠦᠯᠬᠦ ᠭᠡᠷᠡᠭᠲᠡᠢ︔ ᠪᠠᠰᠠ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ ᠪᠣᠳᠠᠲᠤ ᠬᠦᠴᠦ ᠣᠷᠣᠭᠤᠯᠵᠤ᠂ ᠠᠵᠤ ᠠᠬᠤᠢ ᠶᠢᠨ ᠪᠠᠶᠢᠭᠤᠯᠤᠯ ᠭᠡᠬᠦ ᠡᠨᠡ ᠬᠦ ᠭᠤᠣᠯᠳᠠᠯᠭ᠎ᠠ ᠶᠢ ᠲᠤᠪᠤᠶᠢᠯᠭᠠᠵᠤ᠂ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠪᠣᠯᠣᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠪᠠᠶᠢᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠦᠨᠳᠦᠰᠦᠨ ᠱᠠᠲᠤ ᠪᠣᠯᠣᠨ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯᠡᠰ ᠠᠴᠠ ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠣᠨ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ ᠣᠯᠬᠤ ᠶᠢ ᠴᠢᠬᠤᠯᠠᠴᠢᠯᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠬᠡᠷᠡᠭᠲᠡᠢ᠃ ᠠᠷᠠᠳᠴᠢᠯᠠᠯ ᠢ ᠪᠠᠳᠠᠷᠠᠭᠤᠯᠬᠤ᠂ ᠲᠦᠮᠡᠨ ᠤ ᠰᠠᠨᠠᠯ ᠢ ᠠᠪᠴᠤ ᠣᠯᠠᠨ ᠤ ᠤᠬᠠᠭᠠᠨ ᠢ ᠲᠥᠪᠯᠡᠷᠡᠭᠦᠯᠬᠦ ᠶᠢ ᠪᠠᠷᠢᠮᠲᠠᠯᠠᠨ᠂ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠨᠵᠢᠯᠡᠬᠦ ᠤᠬᠠᠭᠠᠨᠴᠢ ᠴᠢᠨᠠᠷ ᠪᠣᠯᠣᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ ᠰᠢᠰᠲ᠋ᠧᠮ ᠤᠨ ᠦᠵᠡᠯᠲᠡ᠂ ᠪᠦᠭᠦ ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ ᠶᠢ ᠴᠢᠩᠭᠠᠳᠬᠠᠵᠤ᠂ ᠬᠥᠩᠭᠡᠨ ᠬᠦᠨᠳᠦ ᠠᠯᠭᠤᠷ ᠪᠠᠴᠢᠮ ᠢ ᠬᠤᠪᠢᠶᠠᠵᠤ᠂ ᠰᠢᠰᠲ᠋ᠧᠮ ᠤᠨ ᠬᠤᠷᠠᠮᠠᠯ ᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠢᠵᠢ ᠪᠦᠷᠢᠳᠦᠭᠦᠯᠬᠦ ᠶᠢ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠢᠵᠢᠯ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠪᠦᠬᠦᠯᠢ ᠴᠣᠭᠴᠠ ᠶᠢᠨ ᠦᠷ᠎ᠡ ᠠᠰᠢᠭ ᠢ ᠴᠢᠩᠭᠠᠳᠬᠠᠬᠤ ᠬᠡᠷᠡᠭᠲᠡᠢ᠃ ᠬᠠᠮᠢᠶ᠎ᠠ ᠪᠦᠬᠦᠢ ᠭᠠᠵᠠᠷ ᠣᠷᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠬᠦᠷᠢᠶᠡᠨ ᠳᠤ ᠥᠭᠡᠷᠡᠴᠢᠯᠡᠯᠲᠡ ᠶᠢ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠤᠪᠢ ᠬᠤᠪᠢᠨ ᠤ ᠪᠤᠳᠤᠬᠰᠠᠨ ᠢᠶᠠᠷ ᠢᠶᠠᠨ ᠬᠢᠵᠦ᠂ ᠬᠠᠷᠢᠯᠴᠠᠨ ᠬᠠᠷᠰᠢᠯᠠᠬᠤ ᠶᠢ ᠡᠷᠡᠰ ᠰᠡᠷᠭᠡᠶᠢᠯᠡᠨ ᠲᠡᠪᠴᠢᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠥᠭᠡᠷᠡᠴᠢᠯᠡᠯᠲᠡ ᠬᠢᠬᠦ ᠳᠤ ᠲᠥᠯᠦᠪᠵᠢᠭᠦᠯᠭᠡ ᠬᠢᠬᠦ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠨᠡᠩ ᠰᠠᠶᠢᠲᠤᠷ ᠠᠳᠬᠤᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠣᠳᠠᠲᠤ ᠪᠠᠶᠢᠳᠠᠯ ᠢ ᠪᠠᠶᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠭᠡᠯᠪᠡᠷᠢ ᠶᠢᠨ ᠦᠵᠡᠯ ᠢ ᠡᠷᠡᠰ ᠰᠡᠷᠭᠡᠶᠢᠯᠡᠨ ᠲᠡᠪᠴᠢᠵᠦ᠂ ᠥᠩᠭᠡᠪᠴᠢ ᠲᠡᠳᠦᠢ ᠳᠦᠷᠢ ᠲᠥᠷᠬᠦ ᠶᠢᠨ ᠢᠨᠵᠧᠨᠧᠷᠢᠩ᠂ ᠠᠷᠠᠳ ᠢ ᠵᠦᠳᠡᠭᠡᠵᠦ ᠡᠳ᠋ ᠢ ᠰᠦᠢᠳᠬᠡᠬᠦ ᠠᠵᠢᠯ ᠤᠨ ᠠᠮᠵᠢᠯᠲᠠ ᠶᠢᠨ ᠢᠨᠵᠧᠨᠧᠷᠢᠩ ᠢ ᠬᠢᠬᠦ ᠶᠢ ᠡᠷᠡᠰ ᠴᠡᠭᠡᠷᠯᠡᠬᠦ ᠬᠡᠷᠡᠭᠲᠡᠢ᠃ ᠬᠡᠷᠡᠭᠵᠢᠭᠦᠯᠬᠦ ᠲᠥᠰᠥᠯ ᠢ ᠰᠠᠶᠢᠲᠤᠷ ᠲᠣᠭᠲᠠᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠴᠠᠭ ᠲᠤᠨᠢ ᠲᠣᠬᠢᠷᠠᠭᠤᠯᠤᠨ ᠲᠣᠬᠢᠷᠠᠮᠵᠢᠲᠠᠢ ᠪᠠᠶᠢᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠨ ᠬᠢᠵᠦ᠂ ᠪᠣᠳᠠᠲᠠᠢ ᠠᠴᠠ ᠰᠠᠯᠤᠩᠭᠢᠷᠠᠬᠤ ᠶᠢ ᠴᠢᠩᠭ᠎ᠠ ᠴᠡᠭᠡᠷᠯᠡᠬᠦ ᠬᠡᠷᠡᠭᠲᠡᠢ᠃ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠤᠷᠢᠳᠠᠪᠠᠷ ᠰᠢᠨ᠎ᠡ ᠶᠢ ᠪᠠᠶᠢᠭᠤᠯᠤᠨ ᠰᠡᠭᠦᠯᠡᠷ ᠨᠢ ᠬᠠᠭᠤᠴᠢᠨ ᠢ ᠡᠪᠳᠡᠬᠦ ᠶᠢ ᠴᠢᠬᠤᠯᠠᠴᠢᠯᠠᠵᠤ᠂ ᠪᠠᠶᠢᠭᠤᠯᠤᠭᠠᠳᠤᠢ ᠪᠠᠷ ᠤᠷᠢᠳᠠᠪᠠᠷ ᠡᠪᠳᠡᠵᠦ ᠪᠤᠯᠬᠤ ᠦᠭᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠯᠢ ᠭᠠᠨ ᠵᠢᠶᠧ᠂ ᠯᠢ ᠱᠤ᠋ ᠯᠧᠢ᠂ ᠯᠢ ᠬᠤᠩ ᠵᠥᠩ᠂ ᠾᠧ ᠯᠢ ᠹᠧᠩ᠂ ᠵᠠᠩ ᠭᠦᠸᠧ ᠴᠢᠩ᠂ ᠴᠧᠨ ᠸᠧᠨ ᠴᠢᠩ᠂ ᠸᠠᠩ ᠰᠢᠶᠣᠣ ᠬᠤᠩ᠂ ᠮᠦ ᠬᠤᠩ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠤ ᠣᠷᠣᠯᠴᠠᠬᠰᠠᠨ ᠨᠠᠮ ᠤᠨ ᠭᠠᠳᠠᠨᠠᠬᠢ ᠬᠥᠮᠥᠰ ᠲᠤ ᠪᠠᠰᠠ ᠱᠤᠤ ᠬᠤᠩ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠪᠣᠯᠣᠨ ᠵᠠᠩ ᠧᠨ ᠳ᠋ᠢ᠂ ᠵᠢᠶᠠᠩ ᠯᠢ         ᠫᠢᠩ᠂ ᠹᠠᠩ ᠭᠤᠸᠠᠩ ᠬᠤᠸᠠ᠂ ᠶᠠᠩ ᠬᠤᠸᠠ ᠶᠦᠩ ᠨᠠᠷ ᠪᠤᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号