ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠣᠯᠠᠮ ᠨᠢᠭᠡ ᠠᠯᠬᠤᠮ | ᠲᠤᠤᠱᠯᠠᠭᠤᠯᠤᠨ ᠨᠠᠶᠢᠳᠠᠪᠣᠷᠢᠵᠢᠭᠤᠯᠵᠣ᠂ ︽ᠠᠮᠢ ᠠᠬᠤᠢ ᠶᠢ ᠲᠡᠷᠢᠬᠦᠨ ᠳᠤ ᠲᠠᠯᠪᠢᠬᠤ᠂ ᠪᠣᠬᠢᠷᠲᠤᠯ ᠦᠭᠡᠢ | ᠬᠦᠭᠵᠢᠯᠲᠡ︾ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠬᠦᠯᠣᠨ᠂ ᠠᠮᠢ ᠠᠬᠤᠢ ᠶᠢᠨ ᠬᠠᠮᠠᠭᠠᠯᠠᠯᠲᠠ ᠶᠢᠨ | ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠳᠣᠯᠠᠩ ᠬᠠᠳᠤᠵᠤ ᠡᠪᠡᠰᠣ ᠨᠦᠭᠡᠴᠡᠯᠡᠬᠦ ᠠᠵᠢᠯᠯᠠᠭ᠎ᠠ ᠶᠢ | ᠦᠨᠡᠨᠬᠦ ᠳᠦᠷᠢᠮᠵᠢᠭᠦᠯᠦᠨ᠂ ᠪᠦᠬᠦ ᠬᠤᠰᠢᠭᠤᠨ ᠤ ᠴᠢᠬᠤᠯᠠ ᠠᠮᠢ ᠠᠬᠤᠢ ᠶᠢᠨ ᠰᠢᠰᠲ᠋ᠧᠮ ᠪᠠ ᠠᠮᠢᠳᠤ ᠪᠣᠳᠠᠰ ᠤᠨ | ᠣᠯᠠᠨ ᠶᠠᠩᠵᠤᠲᠤ ᠴᠢᠨᠠᠷ ᠢ ᠪᠦᠬᠦ ᠲᠠᠯ᠎ᠠ ᠪᠠᠷ ᠬᠠᠮᠠᠭᠠᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠦᠪᠦᠷ ᠮᠣᠩᠭᠤᠯ ᠤᠨ ᠦᠪᠡᠷᠳᠡᠭᠡᠨ ᠵᠠᠰᠠᠬᠤ | ᠣᠷᠣᠨ ᠤ ᠮᠠᠯ ᠪᠡᠯᠴᠢᠭᠡᠷ ᠤᠨ ᠳᠡᠩᠴᠡᠭᠦᠷᠢ ᠶᠢ ᠪᠠᠳᠣᠯᠠᠬᠤ ᠪᠠ ᠪᠡᠯᠴᠢᠭᠡᠷᠯᠡᠬᠦᠯᠬᠦ ᠶᠢ ᠴᠠᠭᠠᠵᠠᠯᠠᠵᠣ ᠪᠡᠯᠴᠢᠭᠡᠷ | ᠰᠡᠷᠭᠦᠭᠡᠬᠦ ᠲᠦᠷᠢᠮ︾ ︽ᠰᠢᠯᠢ ᠶᠢᠨ ᠭᠤᠤᠯ ᠠᠶᠢᠮᠠᠭ ᠤᠨ ᠪᠠᠶᠢᠭᠠᠯᠢᠯᠢᠭ ᠬᠠᠳᠣᠯᠠᠩ ᠢ ᠬᠠᠮᠠᠭᠠᠯᠠᠨ ᠠᠰᠢᠭᠯᠠᠬᠤ ᠶᠢ | ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠪᠠ ︽ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ | ᠬᠠᠳᠣᠯᠠᠩ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ | ︽ᠤᠷᠢᠳᠴᠢᠯᠠᠨ ᠵᠠᠷᠯᠠᠵᠦ᠂ ᠬᠠᠮᠲᠤ ᠪᠠᠷ ᠵᠠᠰᠠᠬᠤ︾ ᠵᠠᠷᠴᠢᠮ ᠢᠶᠠᠷ᠂ ᠣᠳᠣ ᠮᠠᠨ ᠤ ᠬᠤᠰᠢᠭᠤᠨ ᠤ 2024 | ᠣᠨ ᠤ ᠬᠠᠳᠣᠯᠠᠩ ᠬᠠᠳᠣᠵᠣ ᠡᠪᠡᠰᠣ ᠨᠦᠭᠡᠴᠡᠯᠡᠬᠦ ᠠᠵᠢᠯ ᠤᠨ ᠲᠣᠬᠠᠢ ᠬᠠᠮᠢᠶ᠎ᠠ ᠪᠦᠬᠦᠢ ᠵᠦᠢᠯᠡᠰ ᠢ ᠳᠣᠣᠷᠠᠬᠢ | ᠮᠡᠳᠣ ᠵᠠᠷᠯᠠᠶ᠎ᠠ᠄ | ᠨᠢᠭᠡ᠂ ᠬᠠᠳᠣᠯᠠᠩ ᠬᠠᠳᠤᠬᠤ ᠴᠠᠭ ᠪᠠ ᠡᠷᠡᠮᠡᠯᠵᠡᠯᠡᠵᠣ ᠳᠠᠩᠰᠠᠯᠠᠭᠤᠯᠬᠤ ᠳᠦᠷᠢᠮ ᠢ ᠴᠢᠩᠭ᠎ᠠ ᠵᠢᠷᠤᠮᠯᠠᠬᠤ | ᠬᠡᠷᠡᠭᠲᠡᠶ | ᠣᠳᠣᠬᠠᠨ ᠤ ᠠᠭᠤᠷ ᠠᠮᠢᠰᠬᠤᠯ ᠤᠨ ᠨᠥᠬᠦᠴᠡᠯ᠂ ᠪᠡᠯᠴᠢᠭᠡᠷ ᠤᠨ ᠤᠷᠭᠤᠴᠠ ᠵᠢᠴᠢ ᠭᠠᠯ ᠰᠡᠷᠭᠡᠶᠢᠯᠡᠯᠲᠡ | ᠶᠢᠨ ᠪᠠᠶᠢᠳᠠᠯ ᠢ ᠦᠨᠳᠦᠰᠦᠯᠡᠨ᠂ ᠮᠠᠨ ᠤ ᠬᠤᠰᠢᠭᠤᠨ ᠤ ᠬᠠᠳᠤᠯᠠᠩ ᠬᠠᠳᠤᠬᠤ ᠬᠤᠭᠤᠴᠠᠭ᠎ᠠ ᠶᠢ 2024 ᠣᠨ ᠤ | 8 ᠰᠠᠷ᠎ᠠ ᠶᠢᠨ 20 ᠤ ᠡᠳᠦᠷ ᠠᠴᠠ 2024 ᠣᠨ ᠤ 10 ᠰᠠᠷ᠎ᠠ ᠶᠢᠨ 10 ᠤ ᠡᠳᠦᠷ ᠪᠣᠯᠲᠠᠯ᠎ᠠ ᠲᠣᠭᠳᠠᠭᠠᠪᠠ᠃ | ᠶᠠᠮᠠᠷᠪᠠ ᠨᠢᠭᠡᠴᠡ ᠪᠠ ᠬᠤᠪᠢ ᠬᠥᠮᠦᠨ ᠬᠠᠳᠤᠯᠠᠩ ᠬᠠᠳᠤᠬᠤ ᠬᠤᠭᠤᠴᠠᠭ᠎ᠠ ᠠᠴᠠ ᠣᠷᠢᠳᠴᠢᠯᠠᠨ ᠬᠠᠳᠤᠬᠤ ᠪᠤᠶᠤ | ᠬᠡᠲᠦᠷᠡᠭᠦᠯᠬᠦ( ᠬᠤᠶᠢᠰᠢᠯᠠᠭᠤᠯᠬᠤ) ᠶᠢ ᠡᠷᠡᠰ ᠴᠠᠭᠠᠵᠠᠯᠠᠨ᠎ᠠ᠃ | ᠡᠪᠡᠰᠦ ᠬᠠᠳᠣᠬᠤ ᠠᠴᠠ ᠡᠮᠦᠨ᠎ᠡ᠂ ᠬᠠᠳᠣᠯᠠᠩ ᠤᠨ ᠲᠠᠯᠠᠪᠠᠢ ᠨᠢ 1000 ᠮᠦ ᠠᠴᠠ ᠳᠡᠭᠡᠭᠰᠢ ᠮᠠᠯᠵᠢᠬᠤ | ᠡᠷᠦᠬᠡ ᠪᠤᠶᠤ ᠬᠠᠳᠣᠯᠠᠩ ᠳᠦᠷᠢᠶᠡᠰᠣᠯᠡᠬᠦᠯᠵᠣ ᠪᠠᠶᠢᠭ᠎ᠠ ᠮᠠᠯᠵᠢᠬᠤ ᠡᠷᠦᠬᠡ ︵ᠪᠤᠶᠤ ᠪᠤᠰᠤᠳ ᠡᠵᠡᠩᠨᠡᠯᠲᠡ ᠶᠢᠨ | ᠭᠤᠣᠯ ᠴᠣᠭᠴᠠ︶ ᠨᠢ ᠬᠠᠷᠢᠶ᠎ᠠ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠳᠤ ᠤᠷᠢᠳᠴᠢᠯᠠᠨ | ᠡᠷᠡᠮᠡᠯᠵᠡᠯ ᠳᠡᠪᠰᠢᠬᠦᠯᠵᠣ᠂ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ︽ᠬᠠᠳᠣᠯᠠᠩ ᠬᠠᠳᠤᠬᠤ | ᠵᠦᠪᠰᠢᠶᠡᠷᠡᠯ ᠤᠨ ᠦᠨᠡᠮᠯᠡᠯ︾ ᠪᠠ《ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ | ᠦᠨᠡᠮᠯᠡᠯ》ᠭᠤᠶᠤᠴᠢᠯᠠᠬᠤ ᠬᠠᠮᠢᠶ᠎ᠠ ᠪᠦᠬᠦᠢ ᠭᠠᠷ ᠭᠦᠢᠴᠡᠳᠭᠡᠯ ᠢ ᠭᠦᠢᠴᠡᠳᠭᠡᠬᠦ ᠶᠢᠨ ᠬᠠᠮᠲᠤ ᠭᠠᠯ ᠲᠦᠢᠮᠡᠷ ᠢ | ᠰᠡᠷᠭᠡᠶᠢᠯᠡᠬᠦ ᠪᠠ ᠤᠨᠲᠠᠷᠠᠭᠠᠬᠤ ᠲᠦᠬᠦᠭᠡᠷᠦᠮᠵᠢ ᠶᠢ ᠪᠦᠷᠢᠳᠦᠭᠦᠯᠦᠭᠰᠡᠨ ᠤ ᠳᠠᠷᠠᠭ᠎ᠠ ᠰᠠᠶ᠋ᠢ ᠬᠠᠳᠤᠯᠠᠩ ᠬᠠᠳᠤᠵᠤ | ᠪᠤᠯᠤᠨ᠎ᠠ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠠᠴᠠ ᠳᠠᠩᠰᠠᠯᠠᠭᠤᠯᠣᠭᠰᠠᠨ ᠬᠠᠳᠣᠯᠠᠩ | ᠬᠠᠳᠤᠬᠤ ᠮᠠᠯᠵᠢᠬᠤ ᠡᠷᠦᠬᠡ ︵ᠪᠤᠶᠤ ᠪᠤᠰᠤᠳ ᠡᠵᠡᠩᠨᠡᠯᠲᠡ ᠶᠢᠨ ᠭᠤᠣᠯ ᠴᠣᠭᠴᠠ︶ ᠶᠢᠨ ᠳᠠᠩᠰᠠ ᠡᠪᠬᠡᠮᠡᠯ ᠢ | ᠳᠠᠩᠰᠠᠯᠠᠭᠰᠠᠨ ᠤ ᠳᠠᠷᠠᠭ᠎ᠠ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠨᠢᠭᠡᠳᠣᠯᠳᠡᠢ | ᠮᠡᠳᠡᠬᠦᠯᠵᠣ ᠳᠠᠩᠰᠠᠯᠠᠭᠤᠯᠤᠨ᠎ᠠ᠃ ᠬᠠᠳᠣᠯᠠᠩ ᠬᠠᠳᠤᠬᠤ ᠪᠠᠷ ᠡᠷᠡᠮᠡᠯᠵᠡᠯᠡᠬᠦ ᠠᠭᠤᠯᠭ᠎ᠠ ᠳᠤ ᠬᠠᠳᠣᠯᠠᠩ ᠬᠠᠳᠤᠬᠤ | ᠭᠠᠵᠠᠷ᠂ ᠲᠠᠯᠠᠪᠠᠢ᠂ ᠳᠦᠷᠢᠶᠡᠰᠣᠯᠡᠭᠰᠡᠨ ᠲᠠᠯᠠᠪᠠᠢ᠂ ᠭᠤᠤᠷᠰᠤᠨ ᠤ ᠦᠨᠳᠦᠷ᠂ ᠡᠪᠡᠰᠦᠨ ᠤ ᠦᠷ᠎ᠡ ᠶᠢᠨ ᠪᠦᠰᠡ ᠶᠢᠨ | ᠦᠷᠭᠡᠨ ᠵᠢᠴᠢ ᠬᠠᠳᠤᠬᠤ ᠴᠠᠭ ᠬᠤᠭᠤᠴᠠᠭ᠎ᠠ ᠵᠡᠷᠭᠡ ᠶᠢ ᠲᠣᠳᠤᠷᠬᠠᠶᠢᠯᠠᠬᠤ ᠬᠡᠷᠡᠭᠲᠡᠢ᠃ | ᠬᠤᠶᠠᠷ᠂ ᠬᠠᠳᠣᠯᠠᠩ ᠬᠠᠳᠤᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ | ︵ᠨᠢᠭᠡ︶ ᠡᠭᠡᠯᠵᠢᠯᠡᠨ ᠬᠠᠳᠤᠬᠤ ᠠᠷᠭ᠎ᠠ᠃ 1000 ᠮᠦ ᠠᠴᠠ ᠳᠡᠭᠡᠭᠰᠢᠬᠢ ᠬᠠᠳᠤᠯᠠᠩ ᠳᠤ ᠡᠭᠡᠯᠵᠢᠯᠡᠨ | ᠬᠠᠳᠤᠬᠤ ᠳᠦᠷᠢᠮ ᠢ ᠬᠡᠷᠡᠭᠵᠢᠭᠦᠯᠵᠦ᠂ ᠵᠢᠯ ᠠᠯᠤᠰᠯᠠᠨ ᠬᠠᠳᠤᠬᠤ ︵ᠳᠠᠷᠤᠢ᠄ ᠨᠢᠭᠡ ᠬᠡᠰᠡᠭ ᠬᠠᠳᠤᠯᠠᠩ ᠢ ᠡᠷᠬᠡᠪᠰᠢ | ᠨᠢᠭᠡ ᠵᠢᠯ ᠠᠯᠤᠰᠯᠠᠭᠠᠳ ᠨᠢᠭᠡ ᠤᠳᠠᠭ᠎ᠠ ᠬᠠᠳᠤᠬᠤ︶ ᠪᠤᠶᠤ ᠬᠤᠶᠠᠷ ᠲᠣᠭᠤᠷᠢᠭ ᠬᠤᠪᠢᠶᠠᠵᠤ ᠬᠤᠶᠠᠷ ᠵᠢᠯ | ᠬᠤᠪᠢᠶᠠᠨ ᠡᠭᠡᠯᠵᠢᠯᠡᠨ ᠬᠠᠳᠤᠬᠤ(ᠳᠠᠷᠤᠢ᠄ ᠰᠢᠯᠢᠵᠦ ᠰᠤᠩᠭᠤᠨ ᠬᠠᠳᠤᠬᠤ ᠶᠢ ᠡᠷᠡᠰ ᠴᠠᠭᠠᠵᠠᠯᠠᠨ᠂ ᠨᠢᠭᠡ ᠬᠡᠰᠡᠭ | ᠬᠠᠳᠤᠯᠠᠩ ᠢ ᠬᠤᠶᠠᠷ ᠲᠤᠭᠤᠷᠢᠭ ᠬᠤᠪᠢᠶᠠᠨ ᠡᠭᠡᠯᠵᠢᠯᠡᠨ ᠬᠠᠳᠤᠵᠤ᠂ ᠵᠢᠯ ᠪᠦᠷᠢ ᠬᠠᠳᠤᠯᠠᠩ ᠤᠨ ᠶᠡᠷᠦᠩᠬᠡᠢ | ᠲᠠᠯᠠᠪᠠᠢ ᠶᠢᠨ 1/2 ᠢ ᠬᠠᠳᠤᠬᠤ ᠪᠠᠷ ᠭᠤᠶᠤᠴᠢᠯᠠᠬᠤ ᠶᠢᠨ ᠬᠠᠮᠳᠤ ᠵᠢᠯ ᠪᠦᠷᠢ ᠦᠯᠡᠳᠡᠭᠰᠡᠨ 1/2 ᠶᠢᠨ ᠬᠠᠳᠤᠯᠠᠩ ᠢ | ᠬᠠᠳᠤᠬᠤ ᠶᠢ ᠵᠤᠭᠰᠤᠭᠠᠵᠤ᠂ ᠳᠡᠭᠡᠷ᠎ᠡ ᠵᠢᠯ ᠬᠠᠳᠤᠭᠰᠠᠨ ᠬᠠᠳᠤᠯᠠᠩ ᠢ ᠬᠤᠶᠠᠳᠤᠭᠠᠷ ᠵᠢᠯ ᠳᠤ ᠲᠠᠬᠢᠨ ᠬᠠᠳᠤᠬᠤ ᠶᠢ | ᠡᠷᠡᠰ ᠴᠠᠭᠠᠵᠠᠯᠠᠨ᠎ᠠ)︔ 1000 ᠮᠦ ᠵᠢᠴᠢ ᠲᠡᠭᠦᠨ ᠠᠴᠠ ᠲᠤᠷᠤᠭᠰᠢᠬᠢ ᠬᠠᠳᠤᠯᠠᠩ ᠲᠠᠢ ᠦᠪᠡᠷᠲᠡᠭᠡᠨ ᠡᠪᠡᠰᠦ | ᠬᠠᠳᠤᠵᠤ ᠨᠦᠬᠡᠴᠡᠯᠡᠬᠦ ᠮᠠᠯᠴᠢᠳ ᠡᠭᠡᠯᠵᠢᠯᠡᠨ ᠬᠠᠳᠤᠬᠤ ᠳᠦᠷᠢᠮ ᠢ ᠬᠡᠷᠡᠭᠵᠢᠭᠦᠯᠬᠦ ᠦᠭᠡᠢ ᠪᠠᠶᠢᠵᠤ ᠪᠤᠯᠤᠨ᠎ᠠ᠃ | ᠭᠡᠪᠡᠴᠦ ᠡᠷᠬᠡᠪᠰᠢ《 ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ | ᠠᠷᠭ᠎ᠠ》 ᠶᠢᠨ ᠪᠤᠰᠤᠳ ᠲᠤᠭᠳᠠᠭᠠᠯ ᠢ ᠵᠢᠷᠤᠮᠠᠯᠯᠠᠬᠤ ᠬᠡᠷᠡᠭᠲᠡᠢ︔ | ︵ᠬᠤᠶᠠᠷ︶ ᠬᠡᠰᠡᠭᠯᠡᠨ ᠬᠠᠳᠣᠬᠤ ᠳᠦᠷᠢᠮ᠃ 300 ᠮᠧᠲᠷ ᠥᠷᠭᠡᠨ ᠬᠠᠳᠣᠬᠤ ᠪᠦᠷᠢ 20 ᠮᠧᠲᠷ ᠠᠴᠠ | ᠳᠡᠭᠡᠭᠰᠢ ᠦᠷᠭᠡᠨ ᠡᠪᠡᠰᠦᠨ ᠦᠷ᠎ᠡ ᠶᠢᠨ ᠪᠦᠰᠡ ᠦᠯᠡᠳᠡᠭᠡᠬᠦ ᠬᠡᠷᠡᠭᠲᠡᠢ︔ | ︵ᠭᠤᠷᠪᠠ︶ ᠦᠯᠡᠳᠡᠭᠡᠬᠦ ᠡᠪᠡᠰᠣᠨ ᠤ ᠦᠨᠳᠦᠷ᠃ ᠮᠠᠨ ᠤ ᠬᠤᠰᠢᠭᠤᠨ ᠤ ᠡᠪᠡᠰᠦᠲᠦ ᠭᠠᠵᠠᠷ ᠤᠨ | ᠣᠨᠴᠠᠯᠢᠭ ᠪᠠ ᠭᠠᠵᠠᠷ ᠤᠨ ᠪᠠᠶᠢᠴᠠ ᠶᠢᠨ ᠨᠦᠬᠦᠴᠡᠯ ᠢ ᠦᠨᠳᠦᠰᠦᠯᠡᠨ᠂ ᠦᠯᠡᠳᠡᠭᠡᠬᠦ ᠬᠡᠰᠡᠭ ᠤᠨ ᠣᠷᠭᠤᠴᠠ ᠶᠢᠨ | ᠥᠨᠳᠥᠷ ᠢ 6 ᠰᠠᠨᠲ᠋ᠢᠮᠧᠲᠷ ᠠᠴᠠ ᠳᠡᠭᠡᠭᠰᠢ ᠦᠨᠳᠦᠷ ᠪᠠᠶᠢᠯᠭᠠᠬᠤ ᠬᠡᠷᠡᠭᠲᠠᠢ︔ | ︵ᠳᠦᠷᠪᠡ︶ ᠡᠪᠡᠰᠦ ᠬᠠᠮᠤᠬᠤ ᠱᠠᠭᠠᠷᠳᠠᠯᠭ᠎ᠠ᠃ ᠬᠠᠳᠣᠯᠠᠩ ᠤᠨ ᠭᠠᠵᠠᠷ ᠤᠨ ᠬᠦᠷᠦᠰᠦ᠂ ᠤᠰᠤ ᠴᠢᠬᠢᠭ ᠢ | ᠬᠠᠮᠠᠭᠠᠯᠠᠬᠤ ᠶᠢᠨ ᠲᠥᠯᠦᠭᠡ᠂ ᠡᠪᠡᠰᠦ ᠬᠠᠮᠤᠬᠤ ᠮᠠᠰᠢᠨ ᠤ ᠬᠠᠮᠤᠭᠤᠷ ᠢᠶᠠᠨ ᠭᠠᠵᠠᠷ ᠤᠨ ᠭᠠᠳᠠᠷᠭᠤ ᠲᠠᠢ | ᠵᠡᠷᠭᠡᠴᠡᠭᠦᠯᠦᠨ᠂ ᠬᠡᠲᠦᠷᠡᠲᠡᠯ᠎ᠡ ᠬᠠᠮᠤᠬᠤ ᠪᠠ ᠡᠪᠡᠰᠦᠨ ᠤ ᠪᠣᠭ ᠬᠠᠮᠤᠬᠤ ᠶᠢ ᠡᠷᠡᠰ ᠴᠠᠭᠠᠵᠠᠯᠠᠵᠤ᠂ ᠭᠠᠵᠠᠷ ᠤᠨ | ᠬᠦᠷᠦᠰᠦ ᠬᠠᠯᠴᠠᠭᠠᠶᠢᠷᠠᠨ ᠨᠣᠲᠤᠭ ᠪᠡᠯᠴᠢᠭᠡᠷ ᠲᠠᠴᠢᠷᠰᠢᠬᠤ ᠠᠴᠠ ᠰᠡᠷᠭᠡᠶᠢᠯᠡᠬᠦ ᠬᠡᠷᠡᠭᠲᠡᠢ︔ | ︵ᠲᠠᠪᠤ︶ ᠬᠠᠳᠣᠯᠠᠩ ᠬᠠᠳᠤᠬᠤ ᠨᠥᠬᠦᠴᠡᠯ᠃ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠨᠢ | 30% ᠠᠴᠠ ᠳᠣᠷᠣᠭᠰᠢ᠂ ᠡᠪᠡᠰᠦᠨ ᠤ ᠳᠤᠮᠳᠠᠴᠢ ᠥᠨᠳᠥᠷ ᠤᠨ ᠬᠡᠮᠵᠢᠶ᠎ᠡ ᠨᠢ 15 ᠰᠠᠨᠲ᠋ᠢᠮᠧᠲᠷ ᠠᠴᠠ ᠳᠣᠷᠣᠭᠰᠢ | ᠪᠣᠶᠣ ᠡᠪᠡᠰᠦᠨ ᠤ ᠤᠨᠠᠯᠲᠠ ᠨᠢ ᠮᠥ ᠪᠦᠷᠢ ᠳᠡᠭᠡᠨ 30 ᠺᠢᠯᠣᠭ᠍ᠷᠠᠮ ᠠᠴᠠ ᠳᠣᠷᠣᠭᠰᠢ ᠪᠠᠶᠢᠪᠠᠯ ᠡᠪᠡᠰᠣ ᠬᠠᠳᠣᠵᠣ | ᠪᠣᠯᠬᠤ ᠦᠭᠡᠢ︔ | ︵ᠵᠢᠷᠭᠤᠭ᠎ᠠ︶ ᠬᠠᠳᠣᠯᠠᠩ ᠬᠠᠳᠤᠬᠤ ᠳᠤ ᠳᠣᠣᠷᠠᠬᠢ ᠠᠵᠢᠯᠯᠠᠭ᠎ᠠ ᠶᠢ ᠴᠠᠭᠠᠵᠠᠯᠠᠬᠤ ᠬᠡᠷᠡᠭᠲᠠᠢ᠄ | ⒈ ᠥᠭᠡᠷᠡᠴᠢᠯᠡᠨ ᠵᠠᠰᠠᠭᠰᠠᠨ ᠪᠣᠶᠣ ᠨᠤᠲᠤᠭ ᠪᠡᠯᠴᠢᠭᠡᠷ ᠢ ᠡᠪᠳᠡᠬᠦ ᠬᠠᠳᠣᠯᠠᠩ ᠬᠠᠳᠤᠬᠤ ᠮᠠᠰᠢᠨ | ᠪᠠᠭᠠᠵᠢ ᠶᠢ ᠬᠡᠷᠡᠭᠯᠡᠵᠦ ᠪᠣᠯᠬᠤ ᠤᠢᠭᠡᠢ᠂ ᠲᠠᠪᠠᠭᠲᠤ ᠬᠡᠯᠪᠡᠷᠢ ᠶᠢᠨ ᠡᠪᠡᠰᠣ ᠬᠠᠮᠤᠬᠤ ᠮᠠᠰᠢᠨ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ︔ | ⒉ᠲᠣᠮᠣ ᠬᠡᠯᠪᠡᠷᠢ ᠶᠢᠨ ᠡᠪᠡᠰᠣᠨ ᠲᠡᠷᠭᠡ ᠡᠷᠬᠡᠪᠰᠢ ᠲᠣᠭᠲᠠᠭᠰᠠᠨ ᠡᠪᠡᠰᠦ ᠳᠡᠭᠡᠭᠡᠬᠦ ᠭᠠᠵᠠᠷ ᠠᠴᠠ | ᠳᠡᠭᠡᠭᠡᠵᠣ᠂ ᠬᠠᠳᠤᠯᠠᠩ ᠳᠤ ᠣᠷᠣᠵᠤ ᠡᠪᠡᠰᠦ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ︔ | ⒊ᠡᠪᠡᠰᠦ ᠬᠠᠳᠤᠬᠤ ᠮᠠᠰᠢᠨ ᠨᠣᠳᠤᠭ ᠪᠡᠯᠴᠢᠭᠡᠷ ᠢ ᠳᠤᠷ᠎ᠠ ᠪᠠᠷ ᠳᠠᠷᠣᠵᠣ᠂ ᠣᠷᠭᠤᠮᠠᠯ ᠤᠨ ᠬᠤᠴᠢᠯᠭ᠎ᠠ ᠶᠢ | ᠡᠪᠳᠡᠬᠦ ᠶᠢ ᠡᠷᠡᠰ ᠴᠠᠭᠠᠵᠠᠯᠠᠨ᠎ᠠ᠃ | ⒋ᠡᠪᠡᠰᠦ ᠬᠠᠳᠤᠬᠤ ᠦᠶ᠎ᠡ ᠳᠤ᠂ ︽ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ | ᠪᠤᠶᠤ ᠭᠠᠯ ᠲᠦᠢᠮᠡᠷ ᠢ ᠰᠡᠷᠭᠡᠶᠢᠯᠡᠬᠦ ᠪᠠ ᠣᠨᠲᠠᠷᠠᠭᠠᠬᠤ ᠲᠦᠬᠦᠭᠡᠷᠦᠮᠵᠢ ᠶᠢ ᠪᠦᠷᠢᠳᠦᠭᠦᠯᠦᠭᠰᠡᠨ ᠦᠭᠡᠢ ᠪᠠᠷ ᠡᠪᠡᠰᠦ | ᠬᠠᠳᠤᠵᠤ ᠪᠣᠯᠬᠤ ᠦᠭᠡᠢ᠃ | ᠭᠤᠷᠪᠠ᠂ ᠬᠠᠳᠤᠯᠠᠩ ᠳᠤ ᠮᠠᠯ ᠮᠠᠯᠵᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠶ | ᠪᠥᠬᠦ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠠᠳᠤᠯᠠᠩ ᠳᠤ | ᠮᠠᠯ ᠮᠠᠯᠵᠢᠵᠤ ᠪᠤᠯᠬᠤ ᠦᠭᠡᠢ᠃ | ᠳᠦᠷᠪᠡ᠂ ᠣᠬᠠᠭᠤᠯᠬᠤ ᠪᠠ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ | (ᠨᠢᠭᠡ)ᠡᠯ᠎ᠡ ᠰᠤᠮᠤ ᠪᠠᠯᠭᠠᠰᠤ ︵ᠲᠠᠯᠠᠪᠠᠢ︶︶ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠷᠠᠳᠢᠣ᠋ | ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠭᠠᠷ ᠤᠲᠠᠰᠤᠨ ᠤ ᠣᠬᠤᠷ ᠮᠡᠳᠡᠭᠡ᠂ ᠸᠢᠴᠠᠲ ᠵᠡᠷᠭᠡ ᠡᠯ᠎ᠡ ᠲᠥᠷᠥᠯ ᠤᠨ | ᠵᠠᠭᠤᠴᠢᠯᠠᠭᠤᠷ ᠢ ᠭᠦᠢᠴᠡᠳ ᠠᠰᠢᠭᠯᠠᠨ᠂ ᠪᠠᠶᠢᠭᠠᠯᠢᠯᠢᠭ ᠬᠠᠳᠣᠯᠠᠩ ᠢ ᠬᠠᠮᠠᠭᠠᠯᠠᠨ ᠠᠰᠢᠭᠯᠠᠬᠤ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ | ᠤᠬᠠᠭᠤᠯᠬᠤ ᠬᠡᠷᠡᠭᠲᠡᠶ᠃ ᠡᠪᠡᠰᠦ ᠬᠠᠳᠤᠬᠤ ᠴᠡᠭ ᠲᠤ ᠭᠦᠨᠵᠡᠭᠡᠶᠢᠷᠡᠨ ᠮᠡᠳᠡᠭᠳᠡᠬᠦ ᠪᠢᠴᠢᠭ ᠪᠠ ᠢᠯᠡ ᠪᠣᠯᠭᠠᠬᠤ | ᠺᠠᠷᠲ ᠲᠠᠷᠬᠠᠭᠠᠵᠤ᠂ ᠡᠪᠡᠰᠦ ᠬᠠᠳᠤᠬᠤ ᠮᠠᠯᠵᠢᠬᠤ ᠡᠷᠦᠬᠡ(ᠪᠤᠶᠤ ᠪᠤᠰᠤᠳ ᠡᠯ᠎ᠡ ᠲᠦᠷᠦᠯ ᠤᠨ ᠡᠵᠡᠩᠨᠡᠯᠲᠡ ᠶᠢᠨ | ᠨᠢᠭᠡᠴᠡ) ᠶᠢᠨ ᠡᠪᠡᠰᠦ ᠬᠠᠳᠤᠬᠤ ᠲᠤᠰᠬᠠᠢ ᠮᠡᠷᠭᠡᠵᠢᠯ ᠤᠨ ᠲᠦᠷᠢᠮ ᠪᠠ ᠪᠣᠳᠠᠲᠠᠶ ᠱᠠᠭᠠᠷᠳᠠᠯᠭ᠎ᠠ ᠶᠢ ᠮᠡᠳᠡᠭᠳᠡᠵᠦ᠂ | ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠶᠢᠭᠠᠯᠢᠯᠢᠭ ᠬᠠᠳᠣᠯᠠᠩ ᠤᠨ ᠬᠠᠮᠠᠭᠠᠯᠠᠯᠲᠠ ᠶᠢ | ᠴᠢᠩᠭᠠᠳᠬᠠᠬᠤ ᠬᠡᠷᠡᠭᠲᠡᠶ︔ | ︵ᠬᠤᠶᠠᠷ︶ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ | ᠬᠤᠰᠢᠭᠤ ᠣᠢ ᠰᠢᠭᠤᠶ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠬᠠᠮᠲᠤᠷᠠᠨ | ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠦᠴᠦᠯᠡᠴᠡ ᠪᠠᠨ ᠴᠢᠩᠭᠠᠷᠠᠭᠤᠯᠵᠤ᠂ ᠬᠠᠮᠵᠢᠯᠴᠠᠨ ᠬᠤᠯᠪᠤᠭᠠᠯᠠᠭᠰᠠᠨ | ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠲᠤᠭᠲᠠᠴᠠ ᠶᠢ ᠪᠦᠷᠢᠯᠳᠦᠭᠦᠯᠦᠨ᠂ ︽ᠵᠡᠭᠦᠨ ᠦᠵᠦᠮᠦᠴᠢᠨ | ᠬᠤᠰᠢᠭᠤᠨ ᠤ ᠪᠠᠶᠢᠭᠠᠯᠢᠯᠢᠭ ᠬᠠᠳᠣᠯᠠᠩ ᠤᠨ ᠬᠠᠮᠢᠶᠠᠷᠤᠯᠲᠠ ᠶᠢᠨ ᠠᠷᠭ᠎ᠠ︾ ᠶᠢ ᠵᠥᠷᠢᠴᠡᠵᠦ᠂ ᠲᠣᠭᠲᠠᠭᠠᠯ | ᠶᠣᠰᠣᠭᠠᠷ ᠡᠷᠡᠮᠡᠯᠵᠡᠯᠡᠨ ᠳᠠᠩᠰᠠᠯᠠᠭᠤᠯᠬᠤ ᠦᠭᠡᠢ᠂ ᠲᠤᠭᠲᠠᠭᠰᠠᠨ ᠬᠠᠳᠤᠯᠠᠩ ᠬᠠᠳᠤᠬᠤ ᠬᠤᠭᠤᠴᠠᠭ᠎ᠠ ᠠᠴᠠ | ᠣᠷᠢᠳᠴᠢᠯᠠᠨ ᠬᠠᠳᠤᠬᠤ ᠪᠤᠶᠤ ᠬᠡᠲᠦᠷᠡᠭᠦᠯᠵᠦ ᠬᠠᠳᠤᠬᠤ(ᠬᠤᠶᠢᠰᠢᠯᠠᠭᠤᠯᠬᠤ)᠂ ᠲᠣᠭᠲᠠᠭᠠᠯ ᠶᠣᠰᠣᠭᠠᠷ | ᠲᠣᠭᠤᠷᠢᠭ ᠬᠤᠪᠢᠶᠠᠨ ᠡᠭᠡᠯᠵᠢᠯᠡᠨ ᠬᠠᠳᠤᠬᠤ ᠦᠭᠡᠢ᠂ ᠦᠯᠡᠳᠡᠭᠡᠬᠦ ᠬᠡᠰᠡᠭ ᠤᠨ ᠣᠷᠭᠤᠴᠠ ᠨᠢ ᠬᠡᠳᠣ ᠪᠣᠭᠤᠨᠢ᠂ | ᠡᠪᠡᠰᠦᠨ ᠦᠷ᠎ᠡ ᠶᠢᠨ ᠪᠦᠰᠡ ᠶᠢ ᠦᠯᠡᠳᠡᠭᠡᠬᠦ ᠦᠭᠡᠢ᠂ ᠬᠡᠲᠦᠷᠡᠲᠡᠯ᠎ᠡ ᠬᠠᠮᠣᠬᠤ ᠵᠡᠷᠭᠡ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ | ᠤᠨ ᠳᠡᠩᠴᠡᠭᠦᠷᠢ ᠶᠢ ᠪᠠᠳᠣᠯᠠᠬᠤ ᠪᠠ ᠪᠡᠯᠴᠢᠭᠡᠷᠯᠡᠬᠦᠯᠬᠦ ᠶᠢ ᠴᠠᠭᠠᠵᠠᠯᠠᠵᠣ ᠪᠡᠯᠴᠢᠭᠡᠷ ᠰᠡᠷᠭᠦᠭᠡᠬᠦ ᠲᠦᠷᠢᠮ︾ ᠤᠨ 33 | ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠮᠦ ᠪᠦᠷᠢ ᠳᠤ 200 ᠲᠥᠭᠦᠷᠢᠭ ᠠᠴᠠ ᠳᠡᠭᠡᠭᠰᠢ 500 | ᠲᠥᠭᠦᠷᠢᠭ ᠠᠴᠠ ᠳᠣᠷᠣᠭᠰᠢ ᠵᠤᠭᠤᠰ ᠢᠶᠠᠷ ᠲᠣᠷᠭᠠᠨ᠎ᠡ᠃ ᠬᠠᠳᠤᠯᠠᠩ ᠳᠤ ᠮᠠᠯ ᠪᠡᠯᠴᠢᠭᠡᠷᠯᠡᠭᠦᠯᠦᠭᠰᠡᠨ ᠪᠠᠶᠢᠪᠠᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠣᠯᠠᠬᠤ ᠪᠠ | ᠪᠡᠯᠴᠢᠭᠡᠷᠯᠡᠭᠦᠯᠬᠦ ᠶᠢ ᠴᠠᠭᠠᠵᠠᠯᠠᠵᠣ ᠪᠡᠯᠴᠢᠭᠡᠷ ᠰᠡᠷᠬᠦᠭᠡᠬᠦ ᠳᠦᠷᠢᠮ︾ ᠤᠨ 35 ᠳ᠋ᠤᠭᠠᠷ ᠵᠦᠢᠯ ᠢ ᠦᠨᠳᠦᠰᠦᠯᠡᠨ | ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠦᠭᠰᠡᠨ ᠮᠠᠯ ᠤᠨᠤᠭ᠎ᠠ ᠳᠤ ᠬᠤᠨᠢᠴᠢᠯᠠᠭᠰᠠᠨ | ᠨᠢᠭᠡᠴᠢ ᠪᠠᠷ ᠨᠢᠭᠡᠴᠢ ᠪᠦᠷᠢ ᠶᠢ 120 ᠲᠥᠭᠦᠷᠢᠭ ᠢᠶᠠᠷ ᠲᠣᠷᠭᠠᠨ᠎ᠡ︔ ᠬᠠᠳᠣᠯᠠᠩ ᠳᠤ ᠬᠤᠶᠠᠷ ᠤᠳᠠᠭ᠎ᠠ ᠠᠴᠠ | ᠳᠡᠭᠡᠭᠰᠢ ᠪᠡᠯᠴᠢᠭᠡᠷᠯᠡᠬᠦᠯᠦᠭᠰᠡᠨ ᠪᠠᠶᠢᠪᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ | ᠤᠨ ᠲᠡᠩᠴᠡᠬᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠣ ᠪᠡᠯᠴᠢᠭᠡᠷ ᠰᠡᠷᠬᠦᠭᠡᠬᠦ ᠳᠦᠷᠢᠮ︾ ᠤᠨ 29 | ᠳ᠋ᠤᠭᠡᠷ ᠵᠦᠢᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ | ᠱᠠᠩᠨᠠᠯ ᠤᠨ ᠮᠥᠩᠭᠦ ᠶᠢ ᠨᠢ ᠣᠯᠭᠤᠬᠤ ᠶᠢ ᠵᠣᠭᠰᠣᠭᠠᠨ᠎ᠠ᠃ | ︵ᠭᠤᠷᠪᠠ︶ ᠬᠤᠰᠢᠭᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠪᠠ ᠵᠠᠮ | ᠬᠠᠷᠢᠯᠴᠠᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠡᠪᠡᠰᠦ ᠪᠣᠷᠳᠤᠭ᠎ᠠ ᠵᠥᠭᠡᠭᠡᠪᠦᠷᠢᠯᠡᠬᠦ ᠲᠡᠷᠭᠡᠨ ᠤ | ᠬᠠᠮᠢᠶᠠᠷᠤᠯᠲᠠ ᠶᠢ ᠴᠢᠩᠭᠠᠳᠬᠠᠵᠤ᠂ ᠡᠪᠡᠰᠦ ᠬᠠᠳᠤᠬᠤ᠂ ᠡᠪᠡᠰᠦ ᠵᠥᠭᠡᠭᠡᠪᠦᠷᠢᠯᠡᠬᠦ ᠲᠡᠷᠭᠡ ᠮᠠᠰᠢᠨ ᠨᠢ ᠬᠡᠮᠵᠢᠶ᠎ᠡ᠂ | ᠳᠠᠭᠠᠭᠠᠴᠠ ᠠᠴᠠ ᠬᠡᠳᠦᠷᠡᠬᠦᠯᠦᠨ ᠲᠡᠭᠡᠭᠡᠪᠦᠷᠢᠯᠡᠬᠦ ᠪᠠ ᠰᠥᠨᠢ ᠪᠠᠷ ᠵᠠᠮᠨᠠᠬᠤ ᠪᠠ ᠵᠠᠮ ᠡᠵᠡᠯᠡᠨ ᠵᠤᠭᠰᠤᠬᠤ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠲᠡᠷᠭᠡ ᠮᠠᠰᠢᠨ ᠤ ᠦᠷᠭᠡᠨ ᠤ ᠬᠡᠮᠵᠢᠶ᠎ᠡ᠂ ᠬᠡᠷᠡᠯ ᠣᠶᠢᠯᠭᠠᠬᠤ ᠲᠡᠮᠳᠡᠭ᠂ | ᠳ᠋ᠧᠩ ᠤᠨ ᠭᠡᠷᠡᠯ ᠵᠡᠷᠭᠡ ᠠᠮᠤᠷ ᠲᠦᠪᠰᠢᠨ ᠤ ᠲᠦᠬᠦᠭᠡᠷᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠡᠷᠡᠭᠯᠡᠭᠡ ᠠᠴᠠ ᠭᠠᠷᠤᠭᠰᠠᠨ᠂ ᠳᠠᠭᠠᠳᠬᠠᠯ ᠥᠬᠡᠶ᠂ ᠫᠠᠶᠢᠰᠠ ᠥᠬᠡᠶ᠂ ᠦᠨᠡᠮᠯᠡᠯ ᠥᠬᠡᠶ᠂ ᠠᠮᠤᠷ ᠲᠦᠪᠰᠢᠨ ᠤ | ᠲᠦᠬᠦᠭᠡᠷᠦᠮᠵᠢ ᠨᠢ ᠪᠦᠷᠢᠨ ᠪᠤᠰᠤ ᠡᠪᠡᠰᠦ ᠬᠠᠳᠤᠵᠤ ᠬᠠᠳᠠᠭᠠᠯᠠᠬᠤ ᠲᠡᠷᠭᠡ ᠬᠥᠰᠬᠡ᠂ ᠲᠷᠠᠺᠲ᠋ᠣᠷ ᠵᠡᠷᠭᠡ | ᠬᠠᠳᠤᠯᠠᠩ ᠳᠤ ᠬᠡᠷᠡᠭᠯᠡᠬᠦ ᠮᠠᠰᠢᠨ ᠲᠦᠬᠦᠭᠡᠷᠦᠮᠵᠢ ᠵᠠᠮ ᠢᠶᠠᠷ ᠶᠠᠪᠤᠭᠤᠯᠬᠤ ᠦᠢᠯᠡ ᠠᠵᠢᠯᠯᠠᠭ᠎ᠠ ᠶᠢ ᠴᠢᠩᠭ᠎ᠠ | ᠴᠠᠭᠠᠵᠠᠯᠠᠨ᠎ᠠ᠃ | ᠲᠠᠪᠤ᠂ ᠬᠡᠭᠡᠷ᠎ᠡ ᠭᠠᠳᠠᠨᠠᠬᠢ ᠭᠠᠯ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠡᠪᠡᠰᠦ ᠬᠠᠳᠤᠵᠤ ᠬᠠᠳᠠᠭᠠᠯᠠᠬᠤ ᠬᠤᠭᠤᠴᠠᠭᠠᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ︽ᠣᠶ | ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠪᠣᠯᠤᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠡᠷᠬᠡᠪᠰᠢ ᠵᠢᠷᠤᠮᠠᠯᠯᠠᠨ᠂ ᠡᠯ᠎ᠡ ᠰᠤᠮᠤ ᠪᠠᠯᠭᠠᠰᠤ | ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠭᠠᠯ ᠰᠡᠷᠭᠡᠶᠢᠯᠡᠬᠦ ᠰᠠᠯᠠᠭ᠎ᠠ ᠮᠦᠴᠢᠷ ᠨᠢ ᠠᠶᠤᠯᠭᠦᠢ | ᠦᠢᠯᠡᠳᠪᠦᠷᠢᠯᠡᠯ᠂ ᠭᠠᠯ ᠰᠡᠷᠭᠡᠶᠢᠯᠡᠬᠦ ᠤᠬᠠᠭᠤᠯᠭ᠎ᠠ ᠪᠠᠶᠢᠴᠠᠭᠠᠯᠲᠠ ᠪᠠᠨ ᠦᠨᠡᠨᠬᠦ ᠴᠢᠩᠭᠠᠳᠬᠠᠵᠤ᠂ ᠬᠡᠭᠡᠷ᠎ᠡ ᠭᠠᠳᠠᠨ᠎ᠠ | ᠠᠵᠢᠯᠯᠠᠬᠤ ᠨᠢᠭᠡᠴᠡ ᠪᠤᠶᠤ ᠬᠤᠪᠢ ᠬᠦᠮᠦᠨ ᠲᠠᠢ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠭᠡᠷ᠎ᠡ ᠲᠤᠭᠲᠠᠬᠤ᠂ | ᠲᠣᠰᠬᠠᠢ ᠭᠠᠯ ᠰᠡᠷᠭᠡᠶᠢᠯᠡᠨ ᠣᠨᠲᠠᠷᠠᠭᠠᠬᠤ ᠮᠠᠰᠢᠨ ᠪᠠᠭᠠᠵᠢ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠯ | ᠲᠦᠢᠮᠡᠷ ᠤᠨ ᠳᠠᠯᠳᠠ ᠭᠡᠮ ᠢ ᠮᠡᠳᠡᠮᠡᠭᠴᠡ ᠳᠠᠷᠤᠶᠢᠬᠠᠨ ᠳᠡᠭᠡᠭᠰᠢ ᠮᠡᠳᠡᠭᠦᠯᠦᠨ᠂ ᠡᠪᠡᠰᠦ ᠬᠠᠳᠤᠵᠤ ᠬᠠᠳᠠᠭᠠᠯᠠᠬᠤ | ᠬᠤᠭᠤᠴᠠᠭᠠᠨ ᠳᠤ ᠭᠠᠯ ᠤᠨ ᠠᠶᠤᠯ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠵᠢᠷᠭᠤᠭ᠎ᠠ᠂ ᠢᠯᠠᠴᠢᠯᠠᠠ ᠮᠠᠳᠠᠬᠦᠯᠬᠦ ᠤᠳᠠᠰᠣ | ᠬᠤᠰᠢᠭᠤ ᠣᠢ ᠰᠢᠭᠤᠢ ᠪᠠ ᠨᠣᠳᠤᠭ ᠪᠡᠯᠴᠢᠭᠡᠷ ᠤᠨ ᠲᠣᠪᠴᠢᠶ᠎ᠠ᠄ 6832804᠂ | 13947941534 | ᠬᠤᠰᠢᠭᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ᠄ 3221814᠂ | 13847912058 | ᠤᠯᠢᠶᠠᠰᠣᠳᠠᠢ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3221093᠂ | 18747946663 | ᠲᠠᠭᠤᠳᠣᠨᠠᠭᠤᠷ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3358176᠂ | 13947909429 | ᠬᠠᠳᠠᠪᠴᠢ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3363055᠂ 13947911935 | ᠡᠵᠢᠨᠠᠭᠤᠷ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3465005᠂ 15904796255 | ᠮᠠᠠᠳᠣᠬᠤᠪᠣᠯᠠᠭ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3361177᠂ | 13947975516 | ᠬᠦᠷᠢᠶᠠᠳᠣᠨᠠᠭᠤᠷ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3366014᠂ | 15704791110 | ᠰᠠᠮᠠᠢ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3366627᠂ 13947970168 | ᠠᠯᠳᠠᠠᠬᠢᠯᠢ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3435021᠂ 15104790088 | ᠬ᠋ᠠᠬᠢᠯ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3220906᠂ 18804799590 | ᠪᠣᠭᠳᠠᠠᠭᠤᠯᠠ ᠣᠢ ᠰᠢᠭᠤᠢ ᠶᠢᠨ ᠲᠠᠯᠠᠪᠠᠢ᠄ 2288075᠂ 13614793399 | ᠣᠨᠴᠠᠭᠠᠶᠢᠯᠠᠨ ᠵᠠᠷᠯᠠᠪᠠ᠃ | | 2024 ᠣᠨ ᠤ 7 ᠰᠠᠷ᠎ᠠ ᠶᠢᠨ 24 ᠤ ᠡᠳᠣᠷ |