2024 ᠣᠨ ᠤ ᠨᠠᠮᠣᠷ ᠤᠨ ᠣᠯᠠᠷᠢᠯ ᠤᠨ ᠬᠠᠳᠣᠯᠠᠩ ᠬᠠᠳᠤᠵᠤ ᠡᠪᠡᠰᠣ ᠨᠦᠭᠡᠴᠡᠯᠡᠬᠦ ᠬᠠᠮᠢᠶᠠᠷᠤᠯᠲᠠ ᠶᠢᠨ ᠠᠵᠢᠯ ᠢ ᠰᠠᠶᠢᠳᠣᠷ ᠬᠢᠬᠦ ᠲᠤᠬᠠᠶ ᠵᠡᠭᠦᠨ ᠣᠢᠵᠣᠮᠣᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2024/7/25
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠣᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠣᠷᠢᠵᠢᠭᠤᠯᠵᠣ᠂ ︽ᠠᠮᠢ ᠠᠬᠤᠢ ᠶᠢ ᠲᠡᠷᠢᠬᠦᠨ ᠳᠤ  ᠲᠠᠯᠪᠢᠬᠤ᠂ ᠪᠣᠬᠢᠷᠲᠤᠯ ᠦᠭᠡᠢ ᠬᠦᠭᠵᠢᠯᠲᠡ︾ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠬᠦᠯᠣᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠳᠣᠯᠠᠩ ᠬᠠᠳᠤᠵᠤ ᠡᠪᠡᠰᠣ ᠨᠦᠭᠡᠴᠡᠯᠡᠬᠦ ᠠᠵᠢᠯᠯᠠᠭ᠎ᠠ ᠶᠢ ᠦᠨᠡᠨᠬᠦ ᠳᠦᠷᠢᠮᠵᠢᠭᠦᠯᠦᠨ᠂ ᠪᠦᠬᠦ ᠬᠤᠰᠢᠭᠤᠨ ᠤ ᠴᠢᠬᠤᠯᠠ ᠠᠮᠢ ᠠᠬᠤᠢ ᠶᠢᠨ ᠰᠢᠰᠲ᠋ᠧᠮ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠦᠬᠦ ᠲᠠᠯ᠎ᠠ ᠪᠠᠷ ᠬᠠᠮᠠᠭᠠᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠳᠡᠩᠴᠡᠭᠦᠷᠢ ᠶᠢ ᠪᠠᠳᠣᠯᠠᠬᠤ ᠪᠠ ᠪᠡᠯᠴᠢᠭᠡᠷᠯᠡᠬᠦᠯᠬᠦ ᠶᠢ ᠴᠠᠭᠠᠵᠠᠯᠠᠵᠣ ᠪᠡᠯᠴᠢᠭᠡᠷ ᠰᠡᠷᠭᠦᠭᠡᠬᠦ ᠲᠦᠷᠢᠮ︾ ︽ᠰᠢᠯᠢ ᠶᠢᠨ ᠭᠤᠤᠯ ᠠᠶᠢᠮᠠᠭ ᠤᠨ ᠪᠠᠶᠢᠭᠠᠯᠢᠯᠢᠭ ᠬᠠᠳᠣᠯᠠᠩ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠪᠠ ︽ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠣᠯᠠᠩ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂         ︽ᠤᠷᠢᠳᠴᠢᠯᠠᠨ ᠵᠠᠷᠯᠠᠵᠦ᠂ ᠬᠠᠮᠲᠤ ᠪᠠᠷ ᠵᠠᠰᠠᠬᠤ︾ ᠵᠠᠷᠴᠢᠮ ᠢᠶᠠᠷ᠂ ᠣᠳᠣ ᠮᠠᠨ ᠤ ᠬᠤᠰᠢᠭᠤᠨ ᠤ 2024 ᠣᠨ ᠤ ᠬᠠᠳᠣᠯᠠᠩ ᠬᠠᠳᠣᠵᠣ ᠡᠪᠡᠰᠣ ᠨᠦᠭᠡᠴᠡᠯᠡᠬᠦ ᠠᠵᠢᠯ ᠤᠨ ᠲᠣᠬᠠᠢ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠳᠣ ᠵᠠᠷᠯᠠᠶ᠎ᠠ᠄      ᠨᠢᠭᠡ᠂ ᠬᠠᠳᠣᠯᠠᠩ ᠬᠠᠳᠤᠬᠤ ᠴᠠᠭ ᠪᠠ ᠡᠷᠡᠮᠡᠯᠵᠡᠯᠡᠵᠣ ᠳᠠᠩᠰᠠᠯᠠᠭᠤᠯᠬᠤ ᠳᠦᠷᠢᠮ ᠢ ᠴᠢᠩᠭ᠎ᠠ ᠵᠢᠷᠤᠮᠯᠠᠬᠤ ᠬᠡᠷᠡᠭᠲᠡᠶ      ᠣᠳᠣᠬᠠᠨ ᠤ ᠠᠭᠤᠷ ᠠᠮᠢᠰᠬᠤᠯ ᠤᠨ ᠨᠥᠬᠦᠴᠡᠯ᠂ ᠪᠡᠯᠴᠢᠭᠡᠷ ᠤᠨ ᠤᠷᠭᠤᠴᠠ ᠵᠢᠴᠢ ᠭᠠᠯ ᠰᠡᠷᠭᠡᠶᠢᠯᠡᠯᠲᠡ  ᠶᠢᠨ ᠪᠠᠶᠢᠳᠠᠯ ᠢ ᠦᠨᠳᠦᠰᠦᠯᠡᠨ᠂ ᠮᠠᠨ ᠤ ᠬᠤᠰᠢᠭᠤᠨ ᠤ ᠬᠠᠳᠤᠯᠠᠩ ᠬᠠᠳᠤᠬᠤ ᠬᠤᠭᠤᠴᠠᠭ᠎ᠠ ᠶᠢ 2024 ᠣᠨ ᠤ 8 ᠰᠠᠷ᠎ᠠ ᠶᠢᠨ 20 ᠤ ᠡᠳᠦᠷ ᠠᠴᠠ 2024 ᠣᠨ ᠤ 10 ᠰᠠᠷ᠎ᠠ ᠶᠢᠨ 10 ᠤ ᠡᠳᠦᠷ ᠪᠣᠯᠲᠠᠯ᠎ᠠ ᠲᠣᠭᠳᠠᠭᠠᠪᠠ᠃ ᠶᠠᠮᠠᠷᠪᠠ ᠨᠢᠭᠡᠴᠡ ᠪᠠ ᠬᠤᠪᠢ ᠬᠥᠮᠦᠨ ᠬᠠᠳᠤᠯᠠᠩ ᠬᠠᠳᠤᠬᠤ ᠬᠤᠭᠤᠴᠠᠭ᠎ᠠ ᠠᠴᠠ ᠣᠷᠢᠳᠴᠢᠯᠠᠨ ᠬᠠᠳᠤᠬᠤ ᠪᠤᠶᠤ ᠬᠡᠲᠦᠷᠡᠭᠦᠯᠬᠦ( ᠬᠤᠶᠢᠰᠢᠯᠠᠭᠤᠯᠬᠤ) ᠶᠢ ᠡᠷᠡᠰ ᠴᠠᠭᠠᠵᠠᠯᠠᠨ᠎ᠠ᠃            ᠡᠪᠡᠰᠦ ᠬᠠᠳᠣᠬᠤ ᠠᠴᠠ ᠡᠮᠦᠨ᠎ᠡ᠂ ᠬᠠᠳᠣᠯᠠᠩ ᠤᠨ ᠲᠠᠯᠠᠪᠠᠢ ᠨᠢ 1000 ᠮᠦ ᠠᠴᠠ ᠳᠡᠭᠡᠭᠰᠢ ᠮᠠᠯᠵᠢᠬᠤ ᠡᠷᠦᠬᠡ ᠪᠤᠶᠤ ᠬᠠᠳᠣᠯᠠᠩ ᠳᠦᠷᠢᠶᠡᠰᠣᠯᠡᠬᠦᠯᠵᠣ ᠪᠠᠶᠢᠭ᠎ᠠ ᠮᠠᠯᠵᠢᠬᠤ ᠡᠷᠦᠬᠡ ︵ᠪᠤᠶᠤ ᠪᠤᠰᠤᠳ ᠡᠵᠡᠩᠨᠡᠯᠲᠡ ᠶᠢᠨ ᠭᠤᠣᠯ ᠴᠣᠭᠴᠠ︶ ᠨᠢ ᠬᠠᠷᠢᠶ᠎ᠠ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠳᠤ ᠤᠷᠢᠳᠴᠢᠯᠠᠨ ᠡᠷᠡᠮᠡᠯᠵᠡᠯ ᠳᠡᠪᠰᠢᠬᠦᠯᠵᠣ᠂ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ︽ᠬᠠᠳᠣᠯᠠᠩ ᠬᠠᠳᠤᠬᠤ ᠵᠦᠪᠰᠢᠶᠡᠷᠡᠯ ᠤᠨ ᠦᠨᠡᠮᠯᠡᠯ︾ ᠪᠠ《ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ》ᠭᠤᠶᠤᠴᠢᠯᠠᠬᠤ ᠬᠠᠮᠢᠶ᠎ᠠ ᠪᠦᠬᠦᠢ ᠭᠠᠷ ᠭᠦᠢᠴᠡᠳᠭᠡᠯ ᠢ ᠭᠦᠢᠴᠡᠳᠭᠡᠬᠦ ᠶᠢᠨ ᠬᠠᠮᠲᠤ ᠭᠠᠯ ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠲᠦᠬᠦᠭᠡᠷᠦᠮᠵᠢ ᠶᠢ ᠪᠦᠷᠢᠳᠦᠭᠦᠯᠦᠭᠰᠡᠨ ᠤ ᠳᠠᠷᠠᠭ᠎ᠠ ᠰᠠᠶ᠋ᠢ ᠬᠠᠳᠤᠯᠠᠩ ᠬᠠᠳᠤᠵᠤ ᠪᠤᠯᠤᠨ᠎ᠠ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ ᠠᠴᠠ ᠳᠠᠩᠰᠠᠯᠠᠭᠤᠯᠣᠭᠰᠠᠨ ᠬᠠᠳᠣᠯᠠᠩ ᠬᠠᠳᠤᠬᠤ ᠮᠠᠯᠵᠢᠬᠤ ᠡᠷᠦᠬᠡ ︵ᠪᠤᠶᠤ ᠪᠤᠰᠤᠳ ᠡᠵᠡᠩᠨᠡᠯᠲᠡ ᠶᠢᠨ ᠭᠤᠣᠯ ᠴᠣᠭᠴᠠ︶ ᠶᠢᠨ ᠳᠠᠩᠰᠠ ᠡᠪᠬᠡᠮᠡᠯ ᠢ ᠳᠠᠩᠰᠠᠯᠠᠭᠰᠠᠨ ᠤ ᠳᠠᠷᠠᠭ᠎ᠠ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠨᠢᠭᠡᠳᠣᠯᠳᠡᠢ ᠮᠡᠳᠡᠬᠦᠯᠵᠣ ᠳᠠᠩᠰᠠᠯᠠᠭᠤᠯᠤᠨ᠎ᠠ᠃ ᠬᠠᠳᠣᠯᠠᠩ ᠬᠠᠳᠤᠬᠤ ᠪᠠᠷ ᠡᠷᠡᠮᠡᠯᠵᠡᠯᠡᠬᠦ ᠠᠭᠤᠯᠭ᠎ᠠ ᠳᠤ ᠬᠠᠳᠣᠯᠠᠩ ᠬᠠᠳᠤᠬᠤ ᠭᠠᠵᠠᠷ᠂ ᠲᠠᠯᠠᠪᠠᠢ᠂ ᠳᠦᠷᠢᠶᠡᠰᠣᠯᠡᠭᠰᠡᠨ ᠲᠠᠯᠠᠪᠠᠢ᠂ ᠭᠤᠤᠷᠰᠤᠨ ᠤ ᠦᠨᠳᠦᠷ᠂ ᠡᠪᠡᠰᠦᠨ ᠤ ᠦᠷ᠎ᠡ ᠶᠢᠨ ᠪᠦᠰᠡ ᠶᠢᠨ ᠦᠷᠭᠡᠨ ᠵᠢᠴᠢ ᠬᠠᠳᠤᠬᠤ ᠴᠠᠭ ᠬᠤᠭᠤᠴᠠᠭ᠎ᠠ ᠵᠡᠷᠭᠡ ᠶᠢ ᠲᠣᠳᠤᠷᠬᠠᠶᠢᠯᠠᠬᠤ ᠬᠡᠷᠡᠭᠲᠡᠢ᠃        ᠬᠤᠶᠠᠷ᠂ ᠬᠠᠳᠣᠯᠠᠩ ᠬᠠᠳᠤᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ      ︵ᠨᠢᠭᠡ︶ ᠡᠭᠡᠯᠵᠢᠯᠡᠨ ᠬᠠᠳᠤᠬᠤ ᠠᠷᠭ᠎ᠠ᠃ 1000 ᠮᠦ ᠠᠴᠠ ᠳᠡᠭᠡᠭᠰᠢᠬᠢ ᠬᠠᠳᠤᠯᠠᠩ ᠳᠤ ᠡᠭᠡᠯᠵᠢᠯᠡᠨ ᠬᠠᠳᠤᠬᠤ ᠳᠦᠷᠢᠮ ᠢ ᠬᠡᠷᠡᠭᠵᠢᠭᠦᠯᠵᠦ᠂ ᠵᠢᠯ ᠠᠯᠤᠰᠯᠠᠨ ᠬᠠᠳᠤᠬᠤ ︵ᠳᠠᠷᠤᠢ᠄ ᠨᠢᠭᠡ ᠬᠡᠰᠡᠭ ᠬᠠᠳᠤᠯᠠᠩ ᠢ ᠡᠷᠬᠡᠪᠰᠢ ᠨᠢᠭᠡ ᠵᠢᠯ ᠠᠯᠤᠰᠯᠠᠭᠠᠳ ᠨᠢᠭᠡ ᠤᠳᠠᠭ᠎ᠠ ᠬᠠᠳᠤᠬᠤ︶ ᠪᠤᠶᠤ ᠬᠤᠶᠠᠷ ᠲᠣᠭᠤᠷᠢᠭ ᠬᠤᠪᠢᠶᠠᠵᠤ ᠬᠤᠶᠠᠷ ᠵᠢᠯ ᠬᠤᠪᠢᠶᠠᠨ ᠡᠭᠡᠯᠵᠢᠯᠡᠨ ᠬᠠᠳᠤᠬᠤ(ᠳᠠᠷᠤᠢ᠄ ᠰᠢᠯᠢᠵᠦ ᠰᠤᠩᠭᠤᠨ ᠬᠠᠳᠤᠬᠤ ᠶᠢ ᠡᠷᠡᠰ ᠴᠠᠭᠠᠵᠠᠯᠠᠨ᠂ ᠨᠢᠭᠡ ᠬᠡᠰᠡᠭ ᠬᠠᠳᠤᠯᠠᠩ ᠢ ᠬᠤᠶᠠᠷ ᠲᠤᠭᠤᠷᠢᠭ ᠬᠤᠪᠢᠶᠠᠨ ᠡᠭᠡᠯᠵᠢᠯᠡᠨ ᠬᠠᠳᠤᠵᠤ᠂ ᠵᠢᠯ ᠪᠦᠷᠢ ᠬᠠᠳᠤᠯᠠᠩ ᠤᠨ ᠶᠡᠷᠦᠩᠬᠡᠢ ᠲᠠᠯᠠᠪᠠᠢ ᠶᠢᠨ 1/2 ᠢ ᠬᠠᠳᠤᠬᠤ ᠪᠠᠷ ᠭᠤᠶᠤᠴᠢᠯᠠᠬᠤ ᠶᠢᠨ ᠬᠠᠮᠳᠤ ᠵᠢᠯ ᠪᠦᠷᠢ ᠦᠯᠡᠳᠡᠭᠰᠡᠨ 1/2 ᠶᠢᠨ ᠬᠠᠳᠤᠯᠠᠩ ᠢ ᠬᠠᠳᠤᠬᠤ ᠶᠢ ᠵᠤᠭᠰᠤᠭᠠᠵᠤ᠂ ᠳᠡᠭᠡᠷ᠎ᠡ ᠵᠢᠯ ᠬᠠᠳᠤᠭᠰᠠᠨ ᠬᠠᠳᠤᠯᠠᠩ ᠢ ᠬᠤᠶᠠᠳᠤᠭᠠᠷ ᠵᠢᠯ ᠳᠤ ᠲᠠᠬᠢᠨ ᠬᠠᠳᠤᠬᠤ ᠶᠢ ᠡᠷᠡᠰ ᠴᠠᠭᠠᠵᠠᠯᠠᠨ᠎ᠠ)︔ 1000 ᠮᠦ ᠵᠢᠴᠢ ᠲᠡᠭᠦᠨ ᠠᠴᠠ ᠲᠤᠷᠤᠭᠰᠢᠬᠢ ᠬᠠᠳᠤᠯᠠᠩ ᠲᠠᠢ ᠦᠪᠡᠷᠲᠡᠭᠡᠨ ᠡᠪᠡᠰᠦ ᠬᠠᠳᠤᠵᠤ ᠨᠦᠬᠡᠴᠡᠯᠡᠬᠦ ᠮᠠᠯᠴᠢᠳ ᠡᠭᠡᠯᠵᠢᠯᠡᠨ ᠬᠠᠳᠤᠬᠤ ᠳᠦᠷᠢᠮ ᠢ ᠬᠡᠷᠡᠭᠵᠢᠭᠦᠯᠬᠦ ᠦᠭᠡᠢ ᠪᠠᠶᠢᠵᠤ ᠪᠤᠯᠤᠨ᠎ᠠ᠃ ᠭᠡᠪᠡᠴᠦ ᠡᠷᠬᠡᠪᠰᠢ《 ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ》 ᠶᠢᠨ ᠪᠤᠰᠤᠳ ᠲᠤᠭᠳᠠᠭᠠᠯ ᠢ ᠵᠢᠷᠤᠮᠠᠯᠯᠠᠬᠤ ᠬᠡᠷᠡᠭᠲᠡᠢ︔      ︵ᠬᠤᠶᠠᠷ︶ ᠬᠡᠰᠡᠭᠯᠡᠨ ᠬᠠᠳᠣᠬᠤ ᠳᠦᠷᠢᠮ᠃ 300 ᠮᠧᠲᠷ ᠥᠷᠭᠡᠨ ᠬᠠᠳᠣᠬᠤ ᠪᠦᠷᠢ 20 ᠮᠧᠲᠷ ᠠᠴᠠ ᠳᠡᠭᠡᠭᠰᠢ ᠦᠷᠭᠡᠨ ᠡᠪᠡᠰᠦᠨ ᠦᠷ᠎ᠡ ᠶᠢᠨ ᠪᠦᠰᠡ ᠦᠯᠡᠳᠡᠭᠡᠬᠦ ᠬᠡᠷᠡᠭᠲᠡᠢ︔      ︵ᠭᠤᠷᠪᠠ︶ ᠦᠯᠡᠳᠡᠭᠡᠬᠦ ᠡᠪᠡᠰᠣᠨ ᠤ ᠦᠨᠳᠦᠷ᠃ ᠮᠠᠨ ᠤ ᠬᠤᠰᠢᠭᠤᠨ ᠤ ᠡᠪᠡᠰᠦᠲᠦ ᠭᠠᠵᠠᠷ ᠤᠨ ᠣᠨᠴᠠᠯᠢᠭ ᠪᠠ ᠭᠠᠵᠠᠷ ᠤᠨ ᠪᠠᠶᠢᠴᠠ ᠶᠢᠨ ᠨᠦᠬᠦᠴᠡᠯ ᠢ ᠦᠨᠳᠦᠰᠦᠯᠡᠨ᠂  ᠦᠯᠡᠳᠡᠭᠡᠬᠦ ᠬᠡᠰᠡᠭ ᠤᠨ ᠣᠷᠭᠤᠴᠠ ᠶᠢᠨ ᠥᠨᠳᠥᠷ ᠢ 6 ᠰᠠᠨᠲ᠋ᠢᠮᠧᠲᠷ ᠠᠴᠠ ᠳᠡᠭᠡᠭᠰᠢ ᠦᠨᠳᠦᠷ ᠪᠠᠶᠢᠯᠭᠠᠬᠤ ᠬᠡᠷᠡᠭᠲᠠᠢ︔      ︵ᠳᠦᠷᠪᠡ︶ ᠡᠪᠡᠰᠦ ᠬᠠᠮᠤᠬᠤ ᠱᠠᠭᠠᠷᠳᠠᠯᠭ᠎ᠠ᠃ ᠬᠠᠳᠣᠯᠠᠩ ᠤᠨ ᠭᠠᠵᠠᠷ ᠤᠨ ᠬᠦᠷᠦᠰᠦ᠂ ᠤᠰᠤ ᠴᠢᠬᠢᠭ ᠢ ᠬᠠᠮᠠᠭᠠᠯᠠᠬᠤ ᠶᠢᠨ ᠲᠥᠯᠦᠭᠡ᠂ ᠡᠪᠡᠰᠦ ᠬᠠᠮᠤᠬᠤ ᠮᠠᠰᠢᠨ ᠤ  ᠬᠠᠮᠤᠭᠤᠷ ᠢᠶᠠᠨ ᠭᠠᠵᠠᠷ ᠤᠨ ᠭᠠᠳᠠᠷᠭᠤ ᠲᠠᠢ ᠵᠡᠷᠭᠡᠴᠡᠭᠦᠯᠦᠨ᠂ ᠬᠡᠲᠦᠷᠡᠲᠡᠯ᠎ᠡ ᠬᠠᠮᠤᠬᠤ ᠪᠠ ᠡᠪᠡᠰᠦᠨ ᠤ ᠪᠣᠭ ᠬᠠᠮᠤᠬᠤ ᠶᠢ ᠡᠷᠡᠰ ᠴᠠᠭᠠᠵᠠᠯᠠᠵᠤ᠂ ᠭᠠᠵᠠᠷ ᠤᠨ ᠬᠦᠷᠦᠰᠦ ᠬᠠᠯᠴᠠᠭᠠᠶᠢᠷᠠᠨ ᠨᠣᠲᠤᠭ ᠪᠡᠯᠴᠢᠭᠡᠷ ᠲᠠᠴᠢᠷᠰᠢᠬᠤ ᠠᠴᠠ ᠰᠡᠷᠭᠡᠶᠢᠯᠡᠬᠦ ᠬᠡᠷᠡᠭᠲᠡᠢ︔      ︵ᠲᠠᠪᠤ︶ ᠬᠠᠳᠣᠯᠠᠩ ᠬᠠᠳᠤᠬᠤ ᠨᠥᠬᠦᠴᠡᠯ᠃ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠨᠢ 30% ᠠᠴᠠ ᠳᠣᠷᠣᠭᠰᠢ᠂ ᠡᠪᠡᠰᠦᠨ ᠤ ᠳᠤᠮᠳᠠᠴᠢ ᠥᠨᠳᠥᠷ ᠤᠨ ᠬᠡᠮᠵᠢᠶ᠎ᠡ ᠨᠢ 15 ᠰᠠᠨᠲ᠋ᠢᠮᠧᠲᠷ ᠠᠴᠠ ᠳᠣᠷᠣᠭᠰᠢ ᠪᠣᠶᠣ ᠡᠪᠡᠰᠦᠨ ᠤ ᠤᠨᠠᠯᠲᠠ ᠨᠢ ᠮᠥ ᠪᠦᠷᠢ ᠳᠡᠭᠡᠨ 30 ᠺᠢᠯᠣᠭ᠍ᠷᠠᠮ ᠠᠴᠠ ᠳᠣᠷᠣᠭᠰᠢ ᠪᠠᠶᠢᠪᠠᠯ ᠡᠪᠡᠰᠣ ᠬᠠᠳᠣᠵᠣ ᠪᠣᠯᠬᠤ ᠦᠭᠡᠢ︔      ︵ᠵᠢᠷᠭᠤᠭ᠎ᠠ︶ ᠬᠠᠳᠣᠯᠠᠩ ᠬᠠᠳᠤᠬᠤ ᠳᠤ ᠳᠣᠣᠷᠠᠬᠢ ᠠᠵᠢᠯᠯᠠᠭ᠎ᠠ ᠶᠢ ᠴᠠᠭᠠᠵᠠᠯᠠᠬᠤ ᠬᠡᠷᠡᠭᠲᠠᠢ᠄      ⒈ ᠥᠭᠡᠷᠡᠴᠢᠯᠡᠨ ᠵᠠᠰᠠᠭᠰᠠᠨ ᠪᠣᠶᠣ ᠨᠤᠲᠤᠭ ᠪᠡᠯᠴᠢᠭᠡᠷ ᠢ ᠡᠪᠳᠡᠬᠦ ᠬᠠᠳᠣᠯᠠᠩ ᠬᠠᠳᠤᠬᠤ ᠮᠠᠰᠢᠨ ᠪᠠᠭᠠᠵᠢ ᠶᠢ ᠬᠡᠷᠡᠭᠯᠡᠵᠦ ᠪᠣᠯᠬᠤ ᠤᠢᠭᠡᠢ᠂ ᠲᠠᠪᠠᠭᠲᠤ ᠬᠡᠯᠪᠡᠷᠢ ᠶᠢᠨ ᠡᠪᠡᠰᠣ  ᠬᠠᠮᠤᠬᠤ ᠮᠠᠰᠢᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔      ⒉ᠲᠣᠮᠣ ᠬᠡᠯᠪᠡᠷᠢ ᠶᠢᠨ ᠡᠪᠡᠰᠣᠨ ᠲᠡᠷᠭᠡ ᠡᠷᠬᠡᠪᠰᠢ ᠲᠣᠭᠲᠠᠭᠰᠠᠨ ᠡᠪᠡᠰᠦ ᠳᠡᠭᠡᠭᠡᠬᠦ ᠭᠠᠵᠠᠷ ᠠᠴᠠ         ᠳᠡᠭᠡᠭᠡᠵᠣ᠂ ᠬᠠᠳᠤᠯᠠᠩ ᠳᠤ ᠣᠷᠣᠵᠤ ᠡᠪᠡᠰᠦ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ︔      ⒊ᠡᠪᠡᠰᠦ ᠬᠠᠳᠤᠬᠤ ᠮᠠᠰᠢᠨ ᠨᠣᠳᠤᠭ ᠪᠡᠯᠴᠢᠭᠡᠷ ᠢ ᠳᠤᠷ᠎ᠠ ᠪᠠᠷ ᠳᠠᠷᠣᠵᠣ᠂ ᠣᠷᠭᠤᠮᠠᠯ ᠤᠨ ᠬᠤᠴᠢᠯᠭ᠎ᠠ ᠶᠢ ᠡᠪᠳᠡᠬᠦ ᠶᠢ ᠡᠷᠡᠰ ᠴᠠᠭᠠᠵᠠᠯᠠᠨ᠎ᠠ᠃      ⒋ᠡᠪᠡᠰᠦ ᠬᠠᠳᠤᠬᠤ ᠦᠶ᠎ᠡ ᠳᠤ᠂ ︽ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠪᠤᠶᠤ ᠭᠠᠯ ᠲᠦᠢᠮᠡᠷ ᠢ ᠰᠡᠷᠭᠡᠶᠢᠯᠡᠬᠦ ᠪᠠ ᠣᠨᠲᠠᠷᠠᠭᠠᠬᠤ ᠲᠦᠬᠦᠭᠡᠷᠦᠮᠵᠢ ᠶᠢ ᠪᠦᠷᠢᠳᠦᠭᠦᠯᠦᠭᠰᠡᠨ ᠦᠭᠡᠢ ᠪᠠᠷ ᠡᠪᠡᠰᠦ ᠬᠠᠳᠤᠵᠤ ᠪᠣᠯᠬᠤ ᠦᠭᠡᠢ᠃      ᠭᠤᠷᠪᠠ᠂ ᠬᠠᠳᠤᠯᠠᠩ ᠳᠤ ᠮᠠᠯ ᠮᠠᠯᠵᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠶ      ᠪᠥᠬᠦ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠠᠳᠤᠯᠠᠩ ᠳᠤ ᠮᠠᠯ ᠮᠠᠯᠵᠢᠵᠤ ᠪᠤᠯᠬᠤ ᠦᠭᠡᠢ᠃      ᠳᠦᠷᠪᠡ᠂ ᠣᠬᠠᠭᠤᠯᠬᠤ ᠪᠠ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ      (ᠨᠢᠭᠡ)ᠡᠯ᠎ᠡ ᠰᠤᠮᠤ ᠪᠠᠯᠭᠠᠰᠤ ︵ᠲᠠᠯᠠᠪᠠᠢ︶︶ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠭᠠᠷ ᠤᠲᠠᠰᠤᠨ ᠤ ᠣᠬᠤᠷ ᠮᠡᠳᠡᠭᠡ᠂ ᠸᠢᠴᠠᠲ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠪᠠᠶᠢᠭᠠᠯᠢᠯᠢᠭ ᠬᠠᠳᠣᠯᠠᠩ ᠢ ᠬᠠᠮᠠᠭᠠᠯᠠᠨ ᠠᠰᠢᠭᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠬᠤ ᠬᠡᠷᠡᠭᠲᠡᠶ᠃ ᠡᠪᠡᠰᠦ ᠬᠠᠳᠤᠬᠤ ᠴᠡᠭ ᠲᠤ ᠭᠦᠨᠵᠡᠭᠡᠶᠢᠷᠡᠨ ᠮᠡᠳᠡᠭᠳᠡᠬᠦ ᠪᠢᠴᠢᠭ ᠪᠠ ᠢᠯᠡ ᠪᠣᠯᠭᠠᠬᠤ ᠺᠠᠷᠲ ᠲᠠᠷᠬᠠᠭᠠᠵᠤ᠂ ᠡᠪᠡᠰᠦ ᠬᠠᠳᠤᠬᠤ ᠮᠠᠯᠵᠢᠬᠤ ᠡᠷᠦᠬᠡ(ᠪᠤᠶᠤ ᠪᠤᠰᠤᠳ ᠡᠯ᠎ᠡ ᠲᠦᠷᠦᠯ ᠤᠨ ᠡᠵᠡᠩᠨᠡᠯᠲᠡ ᠶᠢᠨ ᠨᠢᠭᠡᠴᠡ) ᠶᠢᠨ ᠡᠪᠡᠰᠦ ᠬᠠᠳᠤᠬᠤ  ᠲᠤᠰᠬᠠᠢ ᠮᠡᠷᠭᠡᠵᠢᠯ ᠤᠨ ᠲᠦᠷᠢᠮ ᠪᠠ ᠪᠣᠳᠠᠲᠠᠶ ᠱᠠᠭᠠᠷᠳᠠᠯᠭ᠎ᠠ ᠶᠢ ᠮᠡᠳᠡᠭᠳᠡᠵᠦ᠂ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠶᠢᠭᠠᠯᠢᠯᠢᠭ ᠬᠠᠳᠣᠯᠠᠩ ᠤᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ︔      ︵ᠬᠤᠶᠠᠷ︶ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠤᠰᠢᠭᠤ ᠣᠢ ᠰᠢᠭᠤᠶ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠦᠴᠦᠯᠡᠴᠡ ᠪᠠᠨ ᠴᠢᠩᠭᠠᠷᠠᠭᠤᠯᠵᠤ᠂ ᠬᠠᠮᠵᠢᠯᠴᠠᠨ ᠬᠤᠯᠪᠤᠭᠠᠯᠠᠭᠰᠠᠨ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠲᠤᠭᠲᠠᠴᠠ ᠶᠢ ᠪᠦᠷᠢᠯᠳᠦᠭᠦᠯᠦᠨ᠂ ︽ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠣᠯᠠᠩ ᠤᠨ ᠬᠠᠮᠢᠶᠠᠷᠤᠯᠲᠠ ᠶᠢᠨ ᠠᠷᠭ᠎ᠠ︾ ᠶᠢ ᠵᠥᠷᠢᠴᠡᠵᠦ᠂ ᠲᠣᠭᠲᠠᠭᠠᠯ ᠶᠣᠰᠣᠭᠠᠷ ᠡᠷᠡᠮᠡᠯᠵᠡᠯᠡᠨ ᠳᠠᠩᠰᠠᠯᠠᠭᠤᠯᠬᠤ ᠦᠭᠡᠢ᠂ ᠲᠤᠭᠲᠠᠭᠰᠠᠨ ᠬᠠᠳᠤᠯᠠᠩ ᠬᠠᠳᠤᠬᠤ ᠬᠤᠭᠤᠴᠠᠭ᠎ᠠ ᠠᠴᠠ ᠣᠷᠢᠳᠴᠢᠯᠠᠨ ᠬᠠᠳᠤᠬᠤ ᠪᠤᠶᠤ ᠬᠡᠲᠦᠷᠡᠭᠦᠯᠵᠦ ᠬᠠᠳᠤᠬᠤ(ᠬᠤᠶᠢᠰᠢᠯᠠᠭᠤᠯᠬᠤ)᠂ ᠲᠣᠭᠲᠠᠭᠠᠯ ᠶᠣᠰᠣᠭᠠᠷ ᠲᠣᠭᠤᠷᠢᠭ ᠬᠤᠪᠢᠶᠠᠨ ᠡᠭᠡᠯᠵᠢᠯᠡᠨ ᠬᠠᠳᠤᠬᠤ ᠦᠭᠡᠢ᠂ ᠦᠯᠡᠳᠡᠭᠡᠬᠦ ᠬᠡᠰᠡᠭ ᠤᠨ ᠣᠷᠭᠤᠴᠠ ᠨᠢ ᠬᠡᠳᠣ ᠪᠣᠭᠤᠨᠢ᠂ ᠡᠪᠡᠰᠦᠨ ᠦᠷ᠎ᠡ ᠶᠢᠨ ᠪᠦᠰᠡ ᠶᠢ ᠦᠯᠡᠳᠡᠭᠡᠬᠦ ᠦᠭᠡᠢ᠂ ᠬᠡᠲᠦᠷᠡᠲᠡᠯ᠎ᠡ ᠬᠠᠮᠣᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ  ᠤᠨ ᠳᠡᠩᠴᠡᠭᠦᠷᠢ ᠶᠢ ᠪᠠᠳᠣᠯᠠᠬᠤ ᠪᠠ ᠪᠡᠯᠴᠢᠭᠡᠷᠯᠡᠬᠦᠯᠬᠦ ᠶᠢ ᠴᠠᠭᠠᠵᠠᠯᠠᠵᠣ ᠪᠡᠯᠴᠢᠭᠡᠷ ᠰᠡᠷᠭᠦᠭᠡᠬᠦ ᠲᠦᠷᠢᠮ︾ ᠤᠨ 33 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠮᠦ ᠪᠦᠷᠢ ᠳᠤ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠤᠭᠤᠰ ᠢᠶᠠᠷ ᠲᠣᠷᠭᠠᠨ᠎ᠡ᠃ ᠬᠠᠳᠤᠯᠠᠩ ᠳᠤ ᠮᠠᠯ ᠪᠡᠯᠴᠢᠭᠡᠷᠯᠡᠭᠦᠯᠦᠭᠰᠡᠨ ᠪᠠᠶᠢᠪᠠᠯ         ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠬᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠣ ᠪᠡᠯᠴᠢᠭᠡᠷ ᠰᠡᠷᠬᠦᠭᠡᠬᠦ ᠳᠦᠷᠢᠮ︾ ᠤᠨ 35 ᠳ᠋ᠤᠭᠠᠷ ᠵᠦᠢᠯ ᠢ ᠦᠨᠳᠦᠰᠦᠯᠡᠨ ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠦᠭᠰᠡᠨ ᠮᠠᠯ ᠤᠨᠤᠭ᠎ᠠ ᠳᠤ ᠬᠤᠨᠢᠴᠢᠯᠠᠭᠰᠠᠨ ᠨᠢᠭᠡᠴᠢ ᠪᠠᠷ ᠨᠢᠭᠡᠴᠢ ᠪᠦᠷᠢ ᠶᠢ 120 ᠲᠥᠭᠦᠷᠢᠭ ᠢᠶᠠᠷ ᠲᠣᠷᠭᠠᠨ᠎ᠡ︔ ᠬᠠᠳᠣᠯᠠᠩ ᠳᠤ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠬᠦᠯᠦᠭᠰᠡᠨ ᠪᠠᠶᠢᠪᠠᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ  ᠤᠨ ᠲᠡᠩᠴᠡᠬᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠣ ᠪᠡᠯᠴᠢᠭᠡᠷ ᠰᠡᠷᠬᠦᠭᠡᠬᠦ ᠳᠦᠷᠢᠮ︾ ᠤᠨ 29 ᠳ᠋ᠤᠭᠡᠷ ᠵᠦᠢᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠮᠥᠩᠭᠦ ᠶᠢ ᠨᠢ  ᠣᠯᠭᠤᠬᠤ ᠶᠢ ᠵᠣᠭᠰᠣᠭᠠᠨ᠎ᠠ᠃       ︵ᠭᠤᠷᠪᠠ︶  ᠬᠤᠰᠢᠭᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠪᠠ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠡᠪᠡᠰᠦ ᠪᠣᠷᠳᠤᠭ᠎ᠠ ᠵᠥᠭᠡᠭᠡᠪᠦᠷᠢᠯᠡᠬᠦ ᠲᠡᠷᠭᠡᠨ ᠤ ᠬᠠᠮᠢᠶᠠᠷᠤᠯᠲᠠ ᠶᠢ ᠴᠢᠩᠭᠠᠳᠬᠠᠵᠤ᠂  ᠡᠪᠡᠰᠦ ᠬᠠᠳᠤᠬᠤ᠂ ᠡᠪᠡᠰᠦ ᠵᠥᠭᠡᠭᠡᠪᠦᠷᠢᠯᠡᠬᠦ ᠲᠡᠷᠭᠡ ᠮᠠᠰᠢᠨ ᠨᠢ ᠬᠡᠮᠵᠢᠶ᠎ᠡ᠂ ᠳᠠᠭᠠᠭᠠᠴᠠ ᠠᠴᠠ ᠬᠡᠳᠦᠷᠡᠬᠦᠯᠦᠨ ᠲᠡᠭᠡᠭᠡᠪᠦᠷᠢᠯᠡᠬᠦ ᠪᠠ ᠰᠥᠨᠢ ᠪᠠᠷ ᠵᠠᠮᠨᠠᠬᠤ ᠪᠠ ᠵᠠᠮ ᠡᠵᠡᠯᠡᠨ ᠵᠤᠭᠰᠤᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠲᠡᠷᠭᠡ ᠮᠠᠰᠢᠨ ᠤ ᠦᠷᠭᠡᠨ ᠤ ᠬᠡᠮᠵᠢᠶ᠎ᠡ᠂ ᠬᠡᠷᠡᠯ ᠣᠶᠢᠯᠭᠠᠬᠤ ᠲᠡᠮᠳᠡᠭ᠂ ᠳ᠋ᠧᠩ ᠤᠨ ᠭᠡᠷᠡᠯ ᠵᠡᠷᠭᠡ ᠠᠮᠤᠷ ᠲᠦᠪᠰᠢᠨ ᠤ ᠲᠦᠬᠦᠭᠡᠷᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭᠯᠡᠭᠡ ᠠᠴᠠ ᠭᠠᠷᠤᠭᠰᠠᠨ᠂ ᠳᠠᠭᠠᠳᠬᠠᠯ ᠥᠬᠡᠶ᠂ ᠫᠠᠶᠢᠰᠠ ᠥᠬᠡᠶ᠂ ᠦᠨᠡᠮᠯᠡᠯ ᠥᠬᠡᠶ᠂ ᠠᠮᠤᠷ ᠲᠦᠪᠰᠢᠨ ᠤ ᠲᠦᠬᠦᠭᠡᠷᠦᠮᠵᠢ ᠨᠢ ᠪᠦᠷᠢᠨ ᠪᠤᠰᠤ ᠡᠪᠡᠰᠦ ᠬᠠᠳᠤᠵᠤ ᠬᠠᠳᠠᠭᠠᠯᠠᠬᠤ ᠲᠡᠷᠭᠡ ᠬᠥᠰᠬᠡ᠂ ᠲᠷᠠᠺᠲ᠋ᠣᠷ ᠵᠡᠷᠭᠡ  ᠬᠠᠳᠤᠯᠠᠩ ᠳᠤ ᠬᠡᠷᠡᠭᠯᠡᠬᠦ ᠮᠠᠰᠢᠨ ᠲᠦᠬᠦᠭᠡᠷᠦᠮᠵᠢ ᠵᠠᠮ ᠢᠶᠠᠷ ᠶᠠᠪᠤᠭᠤᠯᠬᠤ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠲᠠᠪᠤ᠂ ᠬᠡᠭᠡᠷ᠎ᠡ ᠭᠠᠳᠠᠨᠠᠬᠢ ᠭᠠᠯ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ      ᠡᠪᠡᠰᠦ ᠬᠠᠳᠤᠵᠤ ᠬᠠᠳᠠᠭᠠᠯᠠᠬᠤ ᠬᠤᠭᠤᠴᠠᠭᠠᠨ ᠳᠤ ᠲᠥᠷᠥ ᠶᠢᠨ ᠶᠠᠪᠤᠳᠠᠯ ᠤᠨ ᠬᠤᠷᠢᠶᠠᠨ ᠤ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠪᠣᠯᠤᠨ         ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠡᠷᠬᠡᠪᠰᠢ ᠵᠢᠷᠤᠮᠠᠯᠯᠠᠨ᠂ ᠡᠯ᠎ᠡ ᠰᠤᠮᠤ ᠪᠠᠯᠭᠠᠰᠤ     ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠭᠠᠯ ᠰᠡᠷᠭᠡᠶᠢᠯᠡᠬᠦ ᠰᠠᠯᠠᠭ᠎ᠠ ᠮᠦᠴᠢᠷ ᠨᠢ ᠠᠶᠤᠯᠭᠦᠢ ᠦᠢᠯᠡᠳᠪᠦᠷᠢᠯᠡᠯ᠂ ᠭᠠᠯ ᠰᠡᠷᠭᠡᠶᠢᠯᠡᠬᠦ ᠤᠬᠠᠭᠤᠯᠭ᠎ᠠ ᠪᠠᠶᠢᠴᠠᠭᠠᠯᠲᠠ ᠪᠠᠨ ᠦᠨᠡᠨᠬᠦ ᠴᠢᠩᠭᠠᠳᠬᠠᠵᠤ᠂ ᠬᠡᠭᠡᠷ᠎ᠡ ᠭᠠᠳᠠᠨ᠎ᠠ ᠠᠵᠢᠯᠯᠠᠬᠤ ᠨᠢᠭᠡᠴᠡ ᠪᠤᠶᠤ ᠬᠤᠪᠢ ᠬᠦᠮᠦᠨ ᠲᠠᠢ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠭᠡᠷ᠎ᠡ ᠲᠤᠭᠲᠠᠬᠤ᠂ ᠲᠣᠰᠬᠠᠢ ᠭᠠᠯ ᠰᠡᠷᠭᠡᠶᠢᠯᠡᠨ ᠣᠨᠲᠠᠷᠠᠭᠠᠬᠤ ᠮᠠᠰᠢᠨ ᠪᠠᠭᠠᠵᠢ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠭᠡᠷ᠎ᠡ ᠭᠠᠳᠠᠨᠠᠬᠢ  ᠭᠠᠯ ᠤᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠯ ᠲᠦᠢᠮᠡᠷ ᠤᠨ ᠳᠠᠯᠳᠠ ᠭᠡᠮ ᠢ ᠮᠡᠳᠡᠮᠡᠭᠴᠡ ᠳᠠᠷᠤᠶᠢᠬᠠᠨ ᠳᠡᠭᠡᠭᠰᠢ ᠮᠡᠳᠡᠭᠦᠯᠦᠨ᠂ ᠡᠪᠡᠰᠦ ᠬᠠᠳᠤᠵᠤ ᠬᠠᠳᠠᠭᠠᠯᠠᠬᠤ ᠬᠤᠭᠤᠴᠠᠭᠠᠨ ᠳᠤ ᠭᠠᠯ ᠤᠨ ᠠᠶᠤᠯ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃      ᠵᠢᠷᠭᠤᠭ᠎ᠠ᠂ ᠢᠯᠠᠴᠢᠯᠠᠠ ᠮᠠᠳᠠᠬᠦᠯᠬᠦ ᠤᠳᠠᠰᠣ      ᠬᠤᠰᠢᠭᠤ ᠣᠢ ᠰᠢᠭᠤᠢ ᠪᠠ ᠨᠣᠳᠤᠭ ᠪᠡᠯᠴᠢᠭᠡᠷ ᠤᠨ ᠲᠣᠪᠴᠢᠶ᠎ᠠ᠄ 6832804᠂ 13947941534      ᠬᠤᠰᠢᠭᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ᠄ 3221814᠂ 13847912058      ᠤᠯᠢᠶᠠᠰᠣᠳᠠᠢ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3221093᠂ 18747946663      ᠲᠠᠭᠤᠳᠣᠨᠠᠭᠤᠷ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3358176᠂ 13947909429      ᠬᠠᠳᠠᠪᠴᠢ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3363055᠂ 13947911935      ᠡᠵᠢᠨᠠᠭᠤᠷ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3465005᠂ 15904796255      ᠮᠠᠠᠳᠣᠬᠤᠪᠣᠯᠠᠭ ᠪᠠᠯᠭᠠᠰᠣᠠ ᠤ ᠠᠷᠠᠣᠠ ᠤᠨ ᠵᠠᠰᠠᠭ ᠤᠨ ᠤᠷᠳᠣᠠ᠄ 3361177᠂ 13947975516      ᠬᠦᠷᠢᠶᠠᠳᠣᠨᠠᠭᠤᠷ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3366014᠂ 15704791110      ᠰᠠᠮᠠᠢ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3366627᠂ 13947970168      ᠠᠯᠳᠠᠠᠬᠢᠯᠢ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3435021᠂ 15104790088      ᠬ᠋ᠠᠬᠢᠯ ᠰᠣᠮᠣᠠ ᠤ ᠠᠷᠠᠣᠠ ᠤᠨ ᠵᠠᠰᠠᠭ ᠤᠨ ᠤᠷᠳᠣᠠ᠄ 3220906᠂ 18804799590      ᠪᠣᠭᠳᠠᠠᠭᠤᠯᠠ ᠣᠢ ᠰᠢᠭᠤᠢ ᠶᠢᠨ ᠲᠠᠯᠠᠪᠠᠢ᠄ 2288075᠂ 13614793399      ᠣᠨᠴᠠᠭᠠᠶᠢᠯᠠᠨ ᠵᠠᠷᠯᠠᠪᠠ᠃            2024 ᠣᠨ ᠤ 7 ᠰᠠᠷ᠎ᠠ ᠶᠢᠨ 24 ᠤ ᠡᠳᠣᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号