ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ ᠲᠡᠮᠦᠷ ᠵᠠᠮ ᠤᠨ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠦᠷᠲᠡᠭᠡ ᠡᠨᠡ ᠵᠢᠯ ᠨᠡᠶᠢᠲᠡ 30 ᠲᠦᠮᠡᠨ ᠲᠣᠨ ᠨᠡᠭᠦᠷᠡᠰᠦ ᠵᠥᠭᠡᠭᠡᠪᠦᠷᠢᠯᠡᠪᠡ
ᠨᠡᠶᠢᠲᠡᠯᠡᠭᠰᠡᠨ ᠴᠠᠭ᠄
2024/7/25
     ᠣᠶᠢᠷ᠎ᠠ ᠳᠤ᠂ ᠭᠠᠯ ᠲᠡᠷᠭᠡᠨ ᠤ ᠤᠷᠲᠤ ᠪᠦᠷᠢᠶ᠎ᠡ ᠶᠢᠨ ᠳᠠᠭᠤᠨ ᠢ ᠳᠠᠭᠠᠯᠳᠤᠨ᠂ ᠨᠡᠭᠦᠷᠡᠰᠦ ᠳᠦᠭᠦᠷᠲᠡᠯ᠎ᠡ ᠲᠡᠭᠡᠭᠡᠭᠰᠡᠨ ᠭᠠᠯᠲᠤ ᠲᠡᠷᠭᠡ ᠵᠡᠭᠦᠨ ᠬᠠᠲᠠᠪᠴᠢ ᠪᠣᠭᠤᠮᠲᠠ ᠶᠢᠨ ᠥᠷᠲᠡᠭᠡ ᠠᠴᠠ ᠠᠯᠭᠤᠷᠬᠠᠨ ᠭᠠᠷᠴᠤ᠂ ᠬᠠᠳᠠᠪᠴᠢ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠲᠡᠮᠦᠷ ᠵᠠᠮ ᠤᠨ ᠲᠤᠰᠬᠠᠶ ᠱᠤᠭᠤᠮ᠂ ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ ᠲᠡᠮᠦᠷ ᠵᠠᠮ ᠢ ᠲᠤᠭᠤᠯᠵᠤ᠂ ᠮᠣᠩᠭᠤᠯ ᠤᠯᠤᠰ ᠠᠴᠠ ᠣᠷᠣᠭᠤᠯᠤᠭᠰᠠᠨ ᠨᠡᠭᠦᠷᠡᠰᠦ ᠶᠢ ᠭᠢᠷᠢᠨ᠂ ᠯᠢᠶᠣᠤᠨᠢᠩ ᠵᠡᠷᠭᠡ ᠭᠠᠵᠠᠷ ᠲᠤ ᠬᠦᠷᠭᠡᠬᠦ ᠪᠣᠯᠤᠨ᠎ᠠ᠃      ᠣᠶᠢᠯᠠᠭᠠᠭᠰᠠᠨ ᠢᠶᠠᠷ᠂ ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ ᠱᠤᠭᠤᠮ ᠢ 2014 ᠣᠨ ᠳᠤ ᠪᠥᠲᠥᠭᠡᠨ ᠪᠠᠶᠢᠭᠤᠯᠬᠤ ᠶᠢᠨ ᠬᠠᠮᠲᠤ ᠠᠵᠢᠯᠯᠠᠭᠤᠯᠵᠤ᠂ ᠪᠦᠬᠦ ᠣᠷᠳᠣ ᠨᠢ 74  ᠺᠢᠯᠤᠮᠧᠲᠷ ᠪᠣᠯᠤᠨ᠎ᠠ᠃ ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠢ ᠠᠰᠢᠭᠯᠠᠯᠲᠠ ᠳᠤ ᠣᠷᠣᠭᠤᠯᠬᠤ ᠶᠢ ᠳᠠᠭᠠᠯᠳᠤᠨ᠂ ᠪᠣᠭᠤᠮᠲᠠ ᠪᠠᠷ ᠥᠩᠭᠡᠷᠡᠬᠦ ᠬᠡᠮᠵᠢᠶ᠎ᠡ ᠴᠦ ᠢᠯᠡᠳᠲᠡ         ᠳᠡᠭᠡᠭᠰᠢᠯᠡᠵᠦ᠂ ᠡᠨᠡ ᠵᠢᠯ ᠠᠴᠠ ᠨᠠᠰᠢ᠂ ᠵᠡᠭᠦᠨ ᠬᠠᠲᠠᠪᠴᠢ ᠪᠣᠭᠤᠮᠲᠠ ᠶᠢᠨ ᠬᠢᠨ ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ ᠱᠤᠭᠤᠮ ᠢᠶᠠᠷ ᠳᠠᠮᠵᠢᠭᠤᠯᠤᠨ ᠮᠣᠩᠭᠤᠯ ᠤᠯᠤᠰ ᠠᠴᠠ ᠣᠷᠣᠭᠤᠯᠬᠤ ᠨᠡᠭᠦᠷᠡᠰᠦ ᠶᠢ ᠡᠳᠦᠷ ᠲᠤ ᠬᠦᠷᠭᠡᠬᠦ ᠲᠡᠭᠡᠭᠡᠪᠦᠷᠢ ᠶᠢᠨ ᠬᠡᠮᠵᠢᠶ᠎ᠡ 7500 ᠲᠣᠨ ᠠᠴᠠ 15000 ᠲᠣᠨ ᠳᠤ ᠬᠦᠷᠴᠦ᠂ ᠬᠡᠷᠪᠡ ᠪᠠᠷᠠᠭᠠᠨ ᠤ ᠢᠷᠡᠯᠲᠡ ᠭᠦᠢᠴᠡᠳ ᠪᠠᠶᠢᠪᠠᠯ᠂ ᠡᠳᠦᠷ ᠤᠨ ᠲᠡᠭᠡᠭᠡᠪᠦᠷᠢ ᠶᠢᠨ ᠬᠡᠮᠵᠢᠶ᠎ᠡ 22500 ᠲᠣᠨ ᠳᠤ ᠬᠦᠷᠴᠦ᠂ ᠣᠲᠣ ᠪᠣᠯᠲᠠᠯ᠎ᠠ ᠨᠢᠭᠡᠨᠲᠡ 30 ᠲᠦᠮᠡᠨ ᠲᠣᠨ ᠨᠡᠭᠦᠷᠡᠰᠦ ᠬᠦᠷᠭᠡᠵᠦ᠂ ᠣᠲᠣ ᠪᠣᠯᠲᠠᠯ᠎ᠠ ᠨᠢᠭᠡᠨᠲᠡ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠬᠢᠭᠡᠳ ᠮᠣᠩᠭᠤᠯ ᠤᠯᠤᠰ ᠠᠴᠠ ᠣᠷᠣᠭᠤᠯᠬᠤ ᠨᠡᠭᠦᠷᠡᠰᠦᠨ ᠤ ᠲᠡᠭᠡᠭᠡᠪᠦᠷᠢ ᠶᠢᠨ ᠲᠡᠮᠦᠷ ᠵᠠᠮ ᠤᠨ ᠶᠡᠭᠡ ᠵᠠᠮ ᠢ ᠪᠦᠷᠢᠯᠳᠦᠭᠦᠯᠪᠡ᠃      《ᠮᠠᠨ ᠤ ᠺᠣᠮᠫᠠᠨᠢ ᠭᠤᠣᠯᠳᠠᠭᠤ ᠨᠡᠭᠦᠷᠡᠰᠦ ᠶᠢ ᠪᠥᠭᠡᠮ ᠢᠶᠠᠷ ᠬᠤᠳᠠᠯᠳᠤᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠬᠢᠯᠢ ᠶᠢᠨ ᠪᠠᠭ᠎ᠠ ᠲᠣᠭᠠᠨ ᠤ ᠠᠷᠠᠯᠵᠢᠶ᠎ᠠ ᠵᠡᠷᠭᠡ ᠶᠢ ᠡᠵᠡᠩᠨᠡᠵᠦ ᠪᠠᠶᠢᠨ᠎ᠠ᠃ ᠭᠤᠣᠯ ᠡᠵᠡᠩᠨᠡᠯᠲᠡ ᠶᠢᠨ ᠠᠵᠢᠯ ᠲᠥᠷᠥᠯ ᠳᠤ ᠮᠣᠩᠭᠤᠯ ᠤᠯᠤᠰ ᠤᠨ ᠨᠡᠭᠦᠷᠡᠰᠦ ᠶᠢ ᠬᠤᠳᠠᠯᠳᠤᠨ         ᠠᠪᠬᠤ᠂ ᠬᠠᠳᠠᠭᠠᠯᠠᠬᠤ᠂ ᠪᠣᠷᠣᠯᠠᠭᠤᠯᠬᠤ ᠵᠡᠷᠭᠡ ᠪᠤᠢ᠃ ᠲᠤᠬᠠᠶᠢᠯᠠᠭᠰᠠᠨ ᠠᠵᠢᠯ ᠤᠨ ᠲᠠᠯ᠎ᠠ ᠪᠠᠷ᠂ ᠣᠳᠣᠬᠠᠨ ᠳᠤ ᠨᠢᠭᠡᠨᠲᠡ ᠬᠠᠩᠭᠠᠬᠤ᠂ ᠲᠡᠭᠡᠭᠡᠪᠦᠷᠢᠯᠡᠬᠦ᠂ ᠬᠠᠳᠠᠭᠠᠯᠠᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠨᠡᠭᠦᠷᠡᠰᠦᠨ ᠤ ᠡᠵᠡᠩᠨᠡᠯᠲᠡ ᠶᠢᠨ ᠲᠣᠤᠷ ᠰᠦᠯᠵᠢᠶ᠎ᠡ ᠶᠢ ᠪᠣᠶ ᠪᠣᠯᠭᠠᠪᠠ᠃ ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ ᠲᠡᠮᠦᠷ ᠵᠠᠮ ᠨᠡᠪᠲᠡᠷᠡᠭᠰᠡᠨ ᠨᠢ᠂ ᠪᠠᠷᠠᠭ᠎ᠠ ᠵᠥᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠷᠠᠭ᠎ᠠ ᠲᠡᠭᠡᠭᠡᠪᠦᠷᠢᠯᠡᠬᠦ ᠵᠠᠶ ᠪᠠ ᠴᠠᠭ ᠢ ᠪᠣᠭᠤᠨᠢᠰᠬᠠᠭᠰᠠᠨ ᠢᠶᠠᠷ ᠪᠠᠷᠠᠬᠤ ᠦᠭᠡᠢ᠂ ᠪᠠᠰᠠ ᠮᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ》ᠭᠡᠵᠦ ᠥᠪᠥᠷ ᠮᠣᠩᠭᠤᠯ ᠤᠨ ᠸᠧᠢ ᠪᠣᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠤᠳᠠᠯᠳᠤᠭᠠᠨ ᠤ ᠺᠣᠮᠫᠠᠨᠢ ᠶᠢᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠪᠡ᠃      ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ ᠱᠤᠭᠤᠮ ᠪᠣᠯ ᠡᠨᠧᠷᠭᠢ ᠶᠢᠨ ᠲᠡᠮᠦᠷ ᠵᠠᠮ ᠤᠨ ᠱᠤᠭᠤᠮ ᠮᠥᠨ᠂ ᠪᠣᠭᠤᠮᠲᠠ ᠶᠢᠨ ᠠᠵᠤ ᠠᠬᠤᠶ ᠶᠢ ᠥᠷᠭᠡᠳᠬᠡᠨ ᠬᠥᠭᠵᠢᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ ᠵᠡᠭᠦᠨ ᠬᠠᠳᠠᠪᠴᠢ ᠪᠤᠭᠤᠮᠲᠠ ᠠᠴᠠ ᠵᠦᠰᠬᠤᠸᠠ ᠬᠦᠷᠬᠦ ᠱᠤᠭᠤᠮ ᠢ ᠨᠡᠪᠲᠡᠷᠡᠭᠦᠯᠬᠦ ᠪᠠ ᠡᠵᠡᠩᠨᠡᠬᠦ ᠨᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠢ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠳᠤ ᠬᠤᠪᠢ ᠨᠡᠮᠡᠷᠢ ᠦᠵᠡᠭᠦᠯᠵᠦ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠦ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号