ᠭᠠᠬᠢᠯ ᠰᠤᠮᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2024/7/26
      ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠭᠠᠬᠢᠯ ᠰᠤᠮᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠪᠠ᠃     ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠪᠠ      ᠰᠤᠮᠤᠨ ᠤ ᠤᠬᠠᠭᠤᠯᠭ᠎ᠠ ᠶᠢᠨ ᠳᠠᠪᠴᠠᠩ ᠳᠤ ︽ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠨ᠎ᠠ ᠠᠴᠠ ᠢᠷᠡᠭᠰᠡᠨ ᠮᠠᠯ ᠪᠠ ᠣᠨᠳᠣᠣ ᠭᠠᠵᠠᠷ ᠰᠢᠯᠵᠢᠨ ᠡᠪᠦᠯᠵᠢᠵᠦ ᠨᠤᠲᠤᠭ ᠲᠠᠭᠠᠨ ᠪᠤᠴᠠᠭᠰᠠᠨ ᠮᠠᠯ ᠢ ᠬᠠᠮᠢᠶᠠᠷᠤᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠯᠪᠠᠨ ᠵᠠᠷ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠢ ᠰᠡᠷᠭᠡᠶᠢᠯᠡᠬᠦ ᠳᠦᠷᠢᠮ︾       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾ ᠵᠡᠷᠭᠡ ᠶᠢ ᠤᠯᠠᠮᠵᠢᠯᠠᠨ ᠲᠠᠷᠬᠠᠭᠠᠬᠤ ᠶᠢᠨ ᠬᠠᠮᠲᠤ᠂ ᠸᠢᠴᠠᠲ ᠬᠤᠯᠪᠤᠭ᠎ᠠ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠵᠡᠷᠭᠡ ᠬᠡᠯᠪᠡᠷᠢ ᠪᠠᠷ ᠥᠷᠭᠡᠨ ᠣᠯᠠᠨ ᠮᠠᠯᠴᠢᠨ ᠲᠦᠮᠡᠨ ᠳᠤ ᠠᠯᠪᠠᠨ ᠵᠠᠷ ᠤᠨ ᠠᠭᠤᠯᠭ᠎ᠠ ᠵᠢᠴᠢ ᠭᠠᠳᠠᠨ᠎ᠠ ᠠᠴᠠ ᠢᠷᠡᠭᠰᠡᠨ ᠮᠠᠯ ᠢ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠪᠠ᠃      ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠳᠣᠷᠬᠠᠢ ᠣᠶᠢᠯᠠᠭᠠᠪᠠ      ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠤᠨ ᠬᠠᠮᠲᠤ ᠶᠢᠨ ᠬᠦᠴᠦᠨ ᠢ ᠪᠣᠶ ᠪᠣᠯᠭᠠᠵᠤ᠂ ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠣᠶᠢᠯᠠᠭᠠᠵᠤ ᠭᠠᠳᠠᠭᠰᠢᠯᠠᠭᠤᠯᠬᠤ ᠬᠠᠮᠢᠶᠠᠷᠤᠨ ᠡᠵᠡᠮᠳᠡᠬᠦ ᠡᠬᠡ ᠲᠠᠩᠰᠠ ᠶᠢ ᠪᠠᠶᠢᠭᠤᠯᠤᠨ᠂ 6 ᠡᠷᠦᠬᠡ᠂ 3582 ᠲᠣᠯᠣᠭᠠᠢ ᠮᠠᠯ ᠤᠨᠤᠭ᠎ᠠ ᠶᠢ ᠢᠳᠬᠠᠨ ᠪᠤᠴᠠᠭᠠᠪᠠ᠃      ᠤᠨᠢᠨ ᠳᠡᠭᠡᠷ᠎ᠡ ᠨᠢ ᠬᠦᠴᠦᠯᠡᠵᠦ᠂  ᠠᠷᠭ᠎ᠠ ᠪᠣᠳᠣᠯᠭ᠎ᠠ ᠭᠡᠷᠡᠭᠵᠢᠭᠦᠯᠪᠡ      ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠲᠤᠬᠠᠢ ᠶᠢᠨ ᠲᠠᠯᠠᠪᠤᠷ ᠲᠤ ᠬᠠᠶᠢᠨ ᠰᠢᠯᠭᠠᠯᠲᠠ ᠬᠢᠵᠦ ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ᠢ ᠨᠡᠶᠢᠲᠡ 10 ᠬᠤᠪᠢ ᠪᠠᠭᠤᠯᠭᠠᠵᠤ᠂ ᠣᠲᠣ ᠪᠣᠯᠲᠠᠯ᠎ᠠ᠂ 6 ᠡᠷᠦᠬᠡ ᠶᠢ ᠴᠡᠭᠴᠡᠯᠡᠨ ᠥᠭᠡᠷᠡᠴᠢᠯᠡᠵᠦ᠂ 4 ᠡᠷᠦᠬᠡ ᠳᠤ ᠵᠠᠰᠠᠭ ᠵᠠᠬᠢᠷᠭᠠᠨ ᠤ ᠰᠢᠢᠳᠬᠡᠯ ᠥᠭᠪᠡ᠃      ᠳᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠨᠢ ᠲᠣᠭᠤᠷᠢᠨ ᠪᠠᠶᠢᠴᠠᠭᠠᠬᠤ ᠪᠠ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠬᠠᠮᠢᠶᠠᠷᠤᠨ ᠡᠵᠡᠮᠳᠡᠬᠦ ᠪᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠣᠬᠢᠰᠲᠠᠢ ᠠᠰᠢᠭᠯᠠᠬᠤ ᠶᠢ ᠪᠠᠲᠤᠯᠠᠵᠤ᠂ ᠨᠤᠲᠤᠭ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠠᠵᠢᠯ ᠢ ᠲᠣᠭᠲᠠᠭᠤᠨ ᠢᠶᠠᠷ ᠠᠬᠢᠭᠤᠯᠵᠤ᠂ ᠮᠠᠯ ᠠᠵᠤ ᠠᠬᠤᠢ ᠶᠢ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠭᠦᠯᠦᠨ᠎ᠡ᠃
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号