ᠭᠠᠬᠢᠯ ᠰᠤᠮᠤ ᠭᠤᠷᠪᠠᠳᠤᠭᠠᠷ ᠬᠤᠭᠤᠴᠠᠭᠠᠨ ᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠤᠷᠢ ᠶᠢᠨ ᠮᠦᠷᠦᠶᠢᠴᠡᠭᠡᠨ ᠢᠶᠠᠷ ᠤᠳᠤᠨ ᠳᠡᠰ ᠰᠢᠯᠭᠠᠷᠠᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/26
      ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠵᠢᠯ ᠬᠢᠵᠦ ᠦᠢᠯᠡᠰ ᠴᠣᠭᠴᠠᠯᠠᠬᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠂ ᠬᠦᠴᠦᠨ ᠢ ᠨᠢᠭᠲᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠰᠤᠷᠤᠯᠴᠠᠵᠤ ᠲᠠᠪᠰᠢᠬᠤ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 12 ᠤᠨ ᠡᠳᠦᠷ᠂ ᠭᠠᠬᠢᠯ ᠰᠤᠮᠤ ᠭᠤᠷᠪᠠᠳᠤᠭᠠᠷ ᠬᠤᠭᠤᠴᠠᠭᠠᠨ ᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠤᠷᠢ ᠶᠢᠨ ᠮᠦᠷᠦᠶᠢᠴᠡᠭᠡᠨ ᠢᠶᠠᠷ ᠤᠳᠤᠨ ᠳᠡᠰ ᠰᠢᠯᠭᠠᠷᠠᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠰᠤᠮᠤᠨ ᠤ ᠤᠳᠤᠷᠢᠳᠬᠤ ᠪᠠᠭ ᠤᠨ ᠭᠡᠰᠢᠭᠦᠳ᠂ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠵᠢᠴᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠭᠡᠰᠢᠭᠦᠳ ᠬᠠᠮᠲᠤ ᠪᠠᠷ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ ᠲᠣᠭᠤᠷᠢᠨ ᠦᠵᠡᠵᠦ᠂ ᠡᠯ᠎ᠡ ᠭᠠᠴᠠᠭᠠᠨ ᠤ ᠨᠠᠮ ᠤᠨ ᠭᠡᠰᠢᠭᠦᠨ ᠪᠠ ᠤᠯᠠᠨ ᠲᠦᠮᠡᠨ ᠳᠤ ᠦᠢᠯᠡᠴᠢᠯᠡᠬᠦ ᠲᠥᠪ᠂ ᠨᠠᠮ ᠤᠨ ᠭᠡᠰᠢᠭᠦᠨ ᠤ ᠭᠤᠤᠯᠯᠠᠬᠤ ᠡᠷᠦᠬᠡ ᠶᠢᠨ ᠰᠠᠭᠤᠷᠢᠨ ᠭᠠᠵᠠᠷ ᠤᠨ ᠴᠢᠳᠠᠮᠵᠢ ᠶᠢᠨ ᠪᠠᠶᠢᠭᠤᠯᠤᠯᠲᠠ᠂ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠦᠨᠡᠯᠡᠯᠲᠡ ᠬᠢᠪᠡ᠃      ︽ᠴᠢᠳᠠᠪᠤᠷᠢ ᠶᠢᠨ ᠮᠦᠷᠦᠶᠢᠴᠡᠭᠡᠨ ︾  ᠤ ᠲᠤᠬᠠᠢ ᠶᠢᠨ ᠲᠠᠯᠠᠪᠤᠷ ᠲᠤ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ︽ᠪᠠᠷᠢᠮᠵᠢᠶ᠎ᠠ ᠲᠠᠢ ᠬᠠᠷᠭᠤᠭᠤᠯᠵᠤ ᠲᠡᠷᠢᠭᠦᠨ ᠤ ᠬᠢ ᠶᠢ ᠡᠭᠦᠳᠬᠦ︾ ᠠᠵᠢᠯᠯᠠᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠴᠠᠭᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠲᠤᠰᠢᠶᠠᠯ ᠤᠨ ᠮᠡᠳᠡᠭᠦᠯᠦᠯᠲᠡ ᠬᠢᠬᠦ ᠶᠠᠷᠢᠶ᠎ᠠ ᠢᠯᠡᠳᠬᠡᠯ + PPT ᠦᠵᠡᠭᠦᠯᠦᠯᠭᠡ ᠶᠢᠨ ᠬᠡᠯᠪᠡᠷᠢ ᠪᠠᠷ ᠳᠠᠮᠵᠢᠭᠤᠯᠤᠨ᠂         ︽ᠰᠢᠯᠭᠠᠯᠲᠠ ᠶᠢᠨ ᠬᠠᠭᠤᠳᠠᠰᠤ︾ ︽ᠲᠤᠷᠰᠢᠯᠭ᠎ᠠ︾ ᠣᠯᠭᠤᠵᠤ᠂ ︽ᠰᠡᠳᠬᠢᠮᠵᠢ︾ ᠪᠠᠨ ᠳᠡᠯᠭᠡᠨ ᠦᠵᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠭᠠᠴᠠᠭᠠᠨ ᠤ ᠠᠵᠢᠯ ᠤᠨ ᠦᠷ᠎ᠡ ᠪᠦᠲᠦᠮᠵᠢ ᠶᠢ ᠳᠡᠯᠭᠡᠨ ᠦᠵᠡᠭᠦᠯᠵᠦ᠂ ᠠᠳᠠᠯᠢᠳᠬᠠᠨ ᠰᠤᠷᠤᠯᠴᠠᠵᠤ ᠬᠠᠮᠳᠤᠪᠡᠷ ᠲᠠᠪᠰᠢᠬᠤ᠂ ᠡᠷᠡᠯᠬᠡᠭᠯᠡᠨ ᠲᠡᠮᠡᠴᠡᠬᠦ ᠠᠭᠤᠷ ᠠᠮᠢᠰᠬᠤᠯ ᠢ ᠪᠣᠶ ᠪᠤᠯᠭᠠᠪᠠ᠃      ᠲᠤᠬᠠᠢ ᠶᠢᠨ ᠭᠠᠵᠠᠷ ᠲᠤᠨᠢ ᠲᠤᠭᠤᠷᠢᠨ ᠪᠠᠶᠢᠴᠠᠭᠠᠬᠤ᠂ ᠳᠠᠩᠰᠠ ᠡᠪᠬᠡᠮᠡᠯ ᠪᠠᠶᠢᠴᠠᠭᠠᠨ ᠦᠵᠡᠬᠦ᠂ ᠲᠤᠰᠢᠶᠠᠯ ᠤᠨ ᠮᠡᠳᠡᠭᠦᠯᠦᠯᠲᠡ ᠬᠢᠵᠦ ᠶᠠᠷᠢᠶ᠎ᠠ ᠲᠠᠯᠪᠢᠬᠤ᠂ ᠠᠷᠠᠳᠴᠢᠯᠠᠯ ᠢᠶᠠᠷ ᠰᠢᠯᠭᠠᠨ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠲᠦᠷᠦᠭᠦᠴᠢ ᠭᠠᠯᠠᠭᠤ︾ ᠶᠢᠨ ᠡᠳᠦᠷ ᠲᠤᠲᠤᠮ ᠤᠨ ᠢᠯᠡᠷᠡᠯ᠂ ᠠᠵᠢᠯ ᠤᠨ ᠪᠣᠳᠠᠲᠤ ᠪᠦᠲᠦᠮᠵᠢ ᠵᠡᠷᠭᠡ ᠶᠢ ᠦᠨᠳᠦᠰᠦᠯᠡᠨ ᠰᠢᠯᠭᠠᠷᠠᠭᠤᠯᠬᠤ ᠠᠭᠤᠯᠭ᠎ᠠ ᠶᠢ ᠪᠦᠷᠢᠯᠳᠦᠭᠦᠯᠵᠦ᠂ ᠰᠢᠯᠭᠠᠨ ᠦᠨᠡᠯᠡᠬᠦ ᠳᠤᠭᠤᠶᠢᠯᠠᠩ ᠤᠨ ᠲᠤᠬᠠᠢ ᠶᠢᠨ ᠲᠠᠯᠠᠪᠤᠷ ᠲᠤ ᠬᠤᠪᠢ ᠥᠭᠬᠦ ᠪᠠᠷ ᠳᠠᠮᠵᠢᠭᠤᠯᠤᠨ᠂ ᠬᠠᠮᠤᠭ ᠡᠴᠦᠰ ᠲᠤ ᠨᠢᠭᠡᠳᠦᠭᠡᠷ ᠳᠡᠰ ᠤᠨ ᠱᠠᠩᠨᠠᠯ 1 ᠨᠡᠷ᠎ᠠ᠂ ᠬᠤᠶᠠᠳᠤᠭᠠᠷ ᠳᠡᠰ ᠤᠨ ᠱᠠᠩᠨᠠᠯ 1 ᠨᠡᠷ᠎ᠠ᠂ ᠭᠤᠷᠪᠠᠳᠤᠭᠠᠷ ᠳᠡᠰ ᠤᠨ ᠱᠠᠩᠨᠠᠯ 1 ᠨᠡᠷ᠎ᠠ ᠰᠢᠯᠭᠠᠷᠠᠭᠤᠯᠤᠨ ᠭᠠᠷᠭᠠᠵᠤ᠂ ᠤᠷᠤᠯᠳᠤᠭᠠᠨ ᠢᠶᠠᠷ ᠴᠢᠳᠠᠪᠤᠷᠢᠲᠠᠨ ᠢ ᠳᠡᠭᠡᠭᠰᠢᠯᠡᠭᠦᠯᠬᠦ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ᠂ ᠦᠨᠡᠯᠡᠯᠲᠡ ᠪᠠᠷ ᠴᠢᠷᠮᠠᠶᠢᠯᠭ᠎ᠠ ᠶᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠪᠠ᠃      ᠲᠣᠰ ᠤᠳᠠᠭᠠᠨ ᠤ ︽ᠴᠢᠳᠠᠪᠤᠷᠢ ᠶᠢᠨ ᠮᠦᠷᠦᠶᠢᠴᠡᠭᠡᠨ ᠢᠶᠠᠷ ᠤᠳᠤᠨ ᠳᠡᠰ ᠰᠢᠯᠭᠠᠷᠠᠭᠤᠯᠬᠤ︾ ᠠᠵᠢᠯᠯᠠᠭ᠎ᠠ ᠪᠣᠯ ᠨᠢᠭᠡᠨ ᠤᠳᠠᠭᠠᠨ ᠤ ᠦᠨᠳᠦᠰᠦᠨ ᠱᠠᠲᠤᠨ ᠤ ᠨᠠᠮ ᠤᠨ ᠡᠭᠦᠷ ᠤᠨ ᠪᠠᠶᠢᠭᠤᠯᠤᠯᠲᠠ ᠶᠢᠨ ︽ᠰᠢᠯᠭᠠᠨ ᠦᠵᠡᠬᠦ ᠮᠥᠷᠥᠶᠢᠴᠡᠭᠡᠨ︾ ᠪᠣᠯᠬᠤ ᠪᠥᠭᠡᠳ ᠪᠠᠰᠠ ᠴᠤ ᠡᠯ᠎ᠡ ᠨᠠᠮ ᠤᠨ ᠡᠭᠦᠷ ᠤᠨ ᠱᠦᠵᠢ ᠶᠢᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠥᠷᠨᠢᠭᠦᠯᠦᠭᠰᠡᠨ ᠨᠢᠭᠡ ᠤᠳᠠᠭᠠᠨ ᠤ ᠠᠵᠢᠯᠯᠠᠭ᠎ᠠ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠭᠠᠬᠢᠯ ᠰᠤᠮᠤ ᠲᠤᠰ ᠤᠳᠠᠭᠠᠨ ᠤ ᠮᠦᠷᠦᠶᠢᠴᠡᠭᠡᠨ ᠤ ᠰᠠᠭᠤᠷᠢᠨ ᠳᠡᠭᠡᠷ᠎ᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠣᠯᠢᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠨᠡᠨᠬᠦ ᠠᠵᠢᠯᠯᠠᠵᠤ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠦ ᠴᠢᠩᠭ᠎ᠠ᠂ ᠴᠢᠳᠠᠪᠤᠷᠢ ᠤᠷᠤᠶᠢᠯᠠᠬᠰᠠᠨ᠂ ᠣᠪᠣᠷ ᠰᠤᠷᠲᠠᠯ ᠲᠠᠪᠰᠢᠩᠭᠤᠢ ᠬᠤᠰᠢᠭᠤᠴᠢ ᠡᠩᠨᠡᠭᠡ ᠶᠢ ᠦᠷᠭᠦᠯᠵᠢᠯᠡᠨ ᠪᠠᠶᠢᠭᠤᠯᠵᠤ᠂ ᠠᠵᠤ ᠦᠢᠯᠡᠰ ᠬᠥᠭᠵᠢᠭᠰᠡᠨ᠂ ᠣᠷᠣᠰᠢᠨ ᠰᠠᠭᠤᠬᠤ ᠳᠤ ᠲᠠᠭᠠᠯᠠᠮᠵᠢᠲᠠᠢ᠂ ᠵᠣᠯ ᠵᠢᠷᠭᠠᠯ ᠲᠠᠢ ᠪᠣᠯᠪᠠᠰᠤᠨ᠂ ᠡᠶ᠎ᠡ ᠵᠣᠬᠢᠴᠠᠩᠭᠤᠢ ᠲᠣᠭᠲᠠᠭᠤᠨ ᠦᠵᠡᠰᠬᠦᠯᠡᠩᠲᠦ ᠰᠠᠶᠢᠬᠠᠨ ᠭᠠᠬᠢᠯ  ᠰᠤᠮᠤ ᠶᠢ ᠦᠷᠭᠦᠯᠵᠢᠯᠡᠨ ᠴᠣᠭᠴᠠᠯᠠᠨ ᠪᠠᠶᠢᠭᠤᠯᠤᠨ᠎ᠠ︕
 
ᠢᠷᠡᠯᠲᠡ᠄ ᠭᠠᠬᠢᠯ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号