ᠤᠯᠢᠶᠠᠰᠤᠲᠠᠢ ᠪᠠᠯᠭᠠᠰᠤ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
      ᠺᠠᠳ᠋ᠷ ᠢ ᠴᠢᠩᠭ᠎ᠠ ᠬᠠᠮᠢᠶᠠᠷᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠶᠢᠨ ᠠᠵᠢᠯ ᠢ ᠲᠦᠷᠢᠮᠵᠢᠭᠦᠯᠬᠦ ᠶᠢᠨ ᠲᠥᠯᠥᠭᠡ᠂ 7 ᠰᠠᠷ᠎ᠠ ᠶᠢᠨ 11 ᠤ ᠡᠳᠦᠷ᠂ ᠤᠯᠢᠶᠠᠰᠤᠲᠠᠢ ᠪᠠᠯᠭᠠᠰᠤ ᠨᠢ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠬᠤᠷᠠᠯᠳᠤᠭᠤᠯᠵᠤ᠂ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ ︽ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠶᠢᠨ ᠪᠠᠶᠢᠳᠠᠯ ᠢ ᠥᠪᠡᠷ ᠢᠶᠠᠨ ᠪᠠᠶᠢᠴᠠᠭᠠᠬᠤ ᠵᠢᠴᠢ ᠬᠠᠮᠢᠶ᠎ᠠ ᠪᠦᠬᠦᠢ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠮᠡᠳᠡᠭᠳᠡᠯ︾ ︽ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ︾ ︽ᠬᠤᠪᠢ ᠶᠢᠨ ᠶᠠᠪᠤᠳᠠᠯ ᠢᠶᠠᠷ ᠤᠯᠤᠰ       ︵ᠬᠢᠯᠢ︶ ᠠᠴᠠ ᠭᠠᠷᠬᠤ ᠬᠠᠮᠢᠶᠠᠷᠤᠯᠲᠠ ᠶᠢᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠰᠤᠷᠤᠯᠴᠠᠭᠰᠠᠨ ᠪᠥᠭᠡᠳ ︽ᠤᠯᠢᠶᠠᠰᠤᠲᠠᠢ ᠪᠠᠯᠭᠠᠰᠤᠨ ᠤ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠶᠢᠨ ᠠᠷᠭ᠎ᠠ︾ ᠵᠢᠴᠢ ᠬᠢᠯᠢ ᠪᠠᠷ ᠣᠷᠣᠵᠤ ᠭᠠᠷᠬᠤ ᠭᠠᠷᠳᠠᠮ ᠢ ᠭᠦᠢᠴᠡᠳᠬᠡᠬᠦ ᠨᠠᠷᠢᠨ ᠶᠠᠪᠤᠴᠠ ᠶᠢ ᠤᠩᠰᠢᠨ ᠨᠡᠶᠢᠲᠡᠯᠡᠵᠡᠢ᠃      ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠪᠥᠬᠦ ᠠᠵᠢᠯᠲᠠᠨ ᠬᠠᠮᠢᠶ᠎ᠠ ᠪᠦᠬᠦᠢ ᠮᠡᠳᠡᠭᠳᠡᠯ ᠪᠠ ᠲᠣᠭᠲᠠᠭᠠᠯ  ᠢ ᠴᠢᠩᠭ᠎ᠠ ᠵᠢᠷᠤᠮᠯᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠤᠯᠤᠰ ︵ᠬᠢᠯᠢ︶ ᠠᠴᠠ ᠭᠠᠷᠬᠤ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠵᠢᠴᠢ ᠲᠣᠭᠲᠠᠭᠠᠯ ᠢ ᠵᠥᠷᠢᠴᠡᠨ ᠤᠯᠤᠰ ︵ᠬᠢᠯᠢ︶ ᠠᠴᠠ ᠭᠠᠷᠬᠤ ᠶᠢᠨ ᠲᠥᠪ ᠴᠢᠩᠭ᠎ᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠭᠤᠷᠪᠠ ᠳᠤ ᠰᠠᠬᠢᠯᠭ᠎ᠠ ᠪᠠᠲᠤ ᠶᠢ ᠵᠥᠪ ᠲᠠᠨᠢᠵᠤ᠂ ᠬᠤᠪᠢ ᠶᠢᠨ ᠶᠠᠪᠤᠳᠠᠯ ᠢᠶᠠᠷ ᠤᠯᠤᠰ       ︵ᠬᠢᠯᠢ︶ ᠠᠴᠠ ᠭᠠᠷᠬᠤ ᠬᠠᠮᠢᠶᠠᠷᠤᠯᠲᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠳᠦᠷᠢᠮ ᠲᠣᠭᠲᠠᠭᠠᠯ ᠢ ᠰᠠᠬᠢᠵᠤ᠂ ᠬᠤᠷᠢᠭ᠎ᠠ ᠱᠤᠭᠤᠮ ᠢ ᠲᠣᠭᠲᠠᠭᠠᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ ᠭᠡᠵᠡᠢ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号