ᠤᠯᠢᠶᠠᠰᠤᠲᠠᠢ ᠪᠠᠯᠭᠠᠰᠤ ᠨᠢ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/26
      ᠠᠶᠤᠯᠭᠦᠢ ᠦᠢᠯᠡᠳᠪᠦᠷᠢᠯᠡᠯ ᠤᠨ ᠲᠠᠯᠲᠠ ᠬᠡᠮ  ᠢ ᠪᠠᠶᠢᠴᠠᠭᠠᠨ ᠵᠠᠰᠠᠬᠤ ᠪᠠ ᠦᠶᠡᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 11 ᠤ ᠡᠳᠦᠷ ᠂ ᠤᠯᠢᠶᠠᠰᠤᠲᠠᠢ ᠪᠠᠯᠭᠠᠰᠤ ᠨᠢ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠨ ᠭᠠᠩ  ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃      ᠬᠤᠷᠠᠯ ᠠᠴᠠ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠬᠤᠭᠤᠴᠠᠭᠠᠨ ᠤ ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠭᠠᠯ ᠰᠡᠷᠭᠡᠶᠢᠯᠡᠬᠦ ᠠᠮᠤᠷ ᠲᠦᠪᠰᠢᠨ ᠵᠡᠷᠭᠡ ᠠᠵᠢᠯ ᠢ ᠲᠣᠬᠢᠷᠠᠭᠤᠯᠤᠨ  ᠪᠠᠶᠢᠷᠢᠯᠠᠭᠤᠯᠪᠠ᠃      ᠬᠤᠷᠠᠯ ᠠᠴᠠ ᠪᠦᠬᠦ ᠪᠠᠯᠭᠠᠰᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠭᠠᠴᠠᠭ᠎ᠠ᠂ ᠨᠡᠶᠢᠭᠡᠮ ᠲᠣᠭᠤᠷᠢᠭ  ᠢ ᠡᠷᠲᠡ ᠠᠴᠠ ᠳᠠᠶᠢᠴᠢᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂《ᠠᠷᠠᠳ ᠲᠦᠮᠡᠨ ᠢ ᠬᠦᠨᠲᠦᠳᠬᠡᠵᠦ᠂ ᠠᠮᠢ ᠨᠠᠰᠤ ᠶᠢ ᠳᠡᠭᠡᠳᠦᠯᠡᠬᠦ 》 ᠶᠢ ᠪᠠᠷᠢᠮᠲᠠᠯᠠᠵᠤ᠂ ᠭᠦᠨ ᠵᠤᠵᠠᠭᠠᠨ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠨ ᠭᠠᠩ  ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠴᠢᠩᠭ᠎ᠠ ᠪᠥᠭᠡᠳ ᠪᠣᠳᠠᠲᠠᠢ ᠰᠠᠶᠢᠲᠤᠷ ᠬᠢᠬᠦ ᠬᠡᠷᠡᠭᠲᠡᠢ᠃ ᠡᠷᠲᠡ ᠠᠴᠠ ᠰᠡᠷᠭᠡᠶᠢᠯᠡᠵᠦ᠂ ᠨᠢᠭᠡᠳᠦᠯᠲᠡᠢ ᠲᠦᠯᠦᠪᠵᠢᠭᠦᠯᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠭᠠᠩ  ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠴᠢᠨᠠᠭᠰᠢᠳᠠ ᠲᠡᠭᠦᠯᠳᠡᠷᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠷᠲᠡ ᠠᠴᠠ ᠮᠦᠷᠳᠡᠨ ᠪᠠᠶᠢᠴᠠᠭᠠᠵᠤ᠂ ᠲᠦᠷᠭᠡᠨ ᠴᠡᠭᠴᠡᠯᠡᠨ ᠵᠠᠰᠠᠵᠤ᠂ ᠬᠠᠷᠢᠶ᠎ᠠ ᠣᠷᠣᠨ ᠤ ᠳᠣᠲᠣᠷᠠᠬᠢ ᠦᠶᠡᠷ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ᠂ ᠬᠡᠭᠡᠷ᠎ᠡ ᠭᠠᠳᠠᠨ᠎ᠠ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ᠂ ᠭᠤᠣᠯᠳᠠᠯᠭ᠎ᠠ ᠲᠠᠢ ᠬᠥᠮᠥᠰ ᠲᠤ ᠳᠠᠯᠳᠠ ᠬᠡᠮ ᠢ ᠮᠦᠷᠳᠡᠨ ᠪᠠᠶᠢᠴᠠᠭᠠᠬᠤ ᠪᠠ ᠰᠤᠷᠪᠤᠯᠵᠢᠯᠠᠬᠤ ᠠᠵᠢᠯ ᠢ ᠥᠷᠨᠢᠭᠦᠯᠵᠦ᠂ ᠬᠠᠮᠢᠶ᠎ᠠ ᠪᠦᠬᠦᠢ ᠲᠠᠩᠰᠠ ᠡᠪᠬᠡᠮᠡᠯ ᠶᠢ ᠪᠠᠶᠢᠭᠤᠯᠤᠨ ᠪᠦᠷᠢᠨᠰᠢᠭᠦᠯᠵᠦ᠂ ︽ᠪᠠᠭ᠎ᠠ ᠲᠦᠭᠰᠢᠭᠦᠷᠢ︾ ᠨᠢ ︽ᠶᠡᠭᠡ ᠭᠠᠢ ᠭᠠᠮᠰᠢᠭ︾ ᠪᠣᠯᠵᠤ ᠬᠤᠪᠢᠷᠠᠬᠤ ᠠᠴᠠ ᠦᠨᠡᠨᠬᠦ ᠵᠠᠶᠢᠯᠠᠰᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠵᠢᠴᠢ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ  ᠭᠡᠵᠦ  ᠴᠢᠩᠭᠠᠳᠬᠠᠪᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号