ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠠᠯᠲᠠᠨᠬᠢᠯᠢ ᠰᠤᠮᠤᠨ ᠠᠴᠠ ᠲᠠᠭᠠᠭᠠᠴᠢᠯᠠᠨ ︽ᠲᠤᠯᠤᠭᠠᠨ ᠰᠠᠷ᠎ᠠ ᠶᠢᠨ ᠨᠢᠭᠡᠨ ᠢ ᠤᠭᠲᠤᠵᠤ᠂ ᠨᠠᠮ ᠪᠠᠶᠢᠭᠤᠯᠤᠭᠳᠠᠭᠰᠠᠨ ᠤᠢ ᠶᠢ ᠪᠡᠯᠭᠡᠯᠡᠬᠦ︾ ᠵᠢᠴᠢ ︽ᠤᠯᠤᠰ ᠤᠨ ᠲᠤᠭ ᠬᠢᠯᠢ ᠶᠢᠨ ᠪᠣᠭᠤᠮᠲᠠ ᠶᠢ ᠭᠡᠶᠢᠭᠦᠯᠬᠦ︾ ᠣᠯᠠᠨ ᠲᠦᠮᠡᠨᠴᠢ  ᠰᠤᠷᠲᠠᠯ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2024/7/26
         ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ ︽ᠤᠯᠤᠰ ᠤᠨ ᠲᠤᠭ ᠬᠢᠯᠢ ᠶᠢᠨ ᠪᠣᠭᠤᠮᠲᠠ ᠶᠢ ᠭᠡᠶᠢᠭᠦᠯᠬᠦ︾ ᠢᠨᠵᠧᠨᠧᠷᠢᠩ ᠤᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠥᠷᠭᠡᠳᠬᠡᠵᠦ᠂ 7 ᠰᠠᠷ᠎ᠠ ᠶᠢᠨ 1 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠠᠯᠲᠠᠨᠬᠢᠯᠢ ᠰᠤᠮᠤᠨ ᠠᠴᠠ ᠲᠠᠭᠠᠭᠠᠴᠢᠯᠠᠨ ᠡᠷᠭᠢᠯᠡᠭᠰᠡᠨ ︽ᠲᠤᠯᠤᠭᠠᠨ ᠰᠠᠷ᠎ᠠ ᠶᠢᠨ ᠨᠢᠭᠡᠨ ᠢ ᠤᠭᠲᠤᠵᠤ᠂ ᠨᠠᠮ ᠪᠠᠶᠢᠭᠤᠯᠤᠭᠳᠠᠭᠰᠠᠨ ᠤᠢ ᠶᠢ ᠪᠠᠶᠠᠷᠯᠠᠨ ᠪᠡᠯᠭᠡᠯᠡᠶ᠎ᠡ︾ ᠵᠢᠴᠢ ︽ᠤᠯᠤᠰ ᠤᠨ ᠲᠤᠭ ᠬᠢᠯᠢ ᠶᠢᠨ ᠪᠣᠭᠤᠮᠲᠠ ᠶᠢ ᠭᠡᠶᠢᠭᠦᠯᠬᠦ︾ ᠣᠯᠠᠨ ᠲᠦᠮᠡᠨᠴᠢ ᠰᠤᠷᠲᠠᠯ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠠᠯᠲᠠᠨᠬᠢᠯᠢ ᠰᠤᠮᠤᠨ ᠳᠤ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ  ᠰᠠᠷᠠᠭᠤᠯᠲᠤᠶᠠᠭ᠎ᠠ ᠲᠣᠰ ᠠᠵᠢᠯᠯᠠᠭ᠎ᠠ ᠳᠤ ᠤᠷᠤᠯᠴᠠᠪᠠ᠃      ᠮᠠᠯᠴᠢᠨ ᠡᠷᠲᠠᠨᠢᠰᠤᠲᠤ ᠶᠢᠨ ᠭᠡᠷ ᠲᠤ᠂ ᠰᠠᠷᠠᠭᠤᠯᠲᠤᠶᠠᠭ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠶᠢᠨ ᠲᠣᠭᠤᠷᠢᠨ ᠳᠤ ᠤᠬᠠᠭᠤᠯᠤᠨ ᠲᠠᠶᠢᠯᠪᠤᠷᠢᠯᠠᠵᠤ᠂ ᠡᠭᠦᠨ ᠤ ᠵᠡᠷᠭᠡᠴᠡᠭᠡᠪᠡᠷ ︽ᠤᠯᠤᠰ ᠤᠨ ᠲᠤᠭ ᠢᠶᠠᠷ ᠬᠢᠯᠢ ᠶᠢᠨ ᠪᠣᠭᠤᠮᠲᠠ ᠶᠢ ᠭᠡᠶᠢᠭᠦᠯᠬᠦ︾ ᠢᠨᠵᠧᠨᠧᠷᠢᠩ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭᠠᠨ ᠤ ᠮᠥᠨ ᠴᠢᠨᠠᠷ ᠵᠡᠷᠭᠡ ᠶᠢ ᠨᠠᠷᠢᠨ ᠲᠠᠶᠢᠯᠪᠤᠷᠢᠯᠠᠵᠤ᠂ ᠤᠯᠤᠰ ᠤᠨ ᠲᠤᠭ ᠢ ᠬᠦᠨᠳᠦᠳᠬᠡᠬᠦ᠂ ᠤᠯᠤᠰ ᠤᠨ ᠲᠤᠭ ᠢ ᠬᠠᠶᠢᠷᠠᠯᠠᠬᠤ᠂ ᠤᠯᠤᠰ ᠤᠨ ᠲᠤᠭ ᠢ ᠬᠠᠮᠠᠭᠠᠯᠠᠬᠤ ᠤᠬᠠᠮᠰᠠᠷ ᠢ ᠪᠤᠢ ᠪᠣᠯᠭᠠᠵᠤ᠂ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠲᠠᠷᠠᠭᠤᠯᠤᠨ᠂ ᠤᠯᠠᠨ ᠢ ᠬᠥᠮᠥᠵᠢᠭᠦᠯᠦᠨ ᠵᠢᠯᠣᠭᠤᠳᠪᠠ᠃        ᠬᠢᠯᠢ ᠶᠢᠨ ᠴᠢᠷᠢᠭ ᠠᠩᠬᠢ ᠶᠢᠨ ᠠᠬᠤᠢ ᠲᠠᠯᠠᠪᠡᠢ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠨᠠᠮ ᠳᠤ ᠣᠷᠣᠬᠤ ᠲᠠᠩᠭᠠᠷᠢᠭ ᠬᠢᠵᠤ᠂ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠳᠠᠬᠢᠨᠲᠠ ᠭᠦᠨᠵᠡᠭᠡᠢ ᠣᠶᠢᠯᠠᠭᠠᠵᠤ᠂ ᠨᠠᠮ᠂ ᠡᠬᠡ ᠤᠯᠤᠰ᠂ ᠠᠷᠠᠳ ᠲᠦᠮᠡᠨ ᠤ ᠪᠠᠨ ᠲᠥᠯᠥᠭᠡ ᠨᠠᠰᠤᠨ ᠲᠤᠷᠰᠢᠲᠠ ᠪᠠᠨ ᠵᠢᠳᠬᠦᠬᠦ ᠵᠣᠷᠢᠭ ᠢᠶᠠᠨ ᠴᠢᠨᠠᠭᠰᠢᠳᠠ ᠪᠠᠲᠤᠳᠬᠠᠪᠠ᠃      ︽ᠤᠯᠤᠰ ᠤᠨ ᠲᠤᠭ ᠬᠢᠯᠢ ᠶᠢᠨ ᠪᠣᠭᠤᠮᠲᠠ ᠶᠢ ᠭᠡᠶᠢᠭᠦᠯᠬᠦ︾ ᠣᠯᠠᠨ ᠲᠦᠮᠡᠨᠴᠢ ᠰᠤᠷᠲᠠᠯ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠠᠬᠤᠢ ᠲᠠᠯᠠᠪᠠᠶ ᠳᠤ᠂ ᠬᠤᠰᠢᠭᠤ ᠤᠯᠠᠭᠠᠨᠮᠥ᠋ᠴᠢᠷ ᠤᠨ ᠭᠡᠰᠢᠭᠦᠳ᠂ ᠪᠠᠶᠢᠯᠳᠤᠭᠴᠢᠳ᠂ ᠮᠠᠯᠴᠢᠨ ᠤᠯᠠᠨ ᠲᠦᠮᠡᠨ ᠲᠠᠢ ᠤᠯᠠᠨ ᠬᠡᠯᠪᠡᠷᠢ ᠶᠢᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠤᠯᠠᠨ ᠲᠦᠮᠡᠨᠴᠢ ᠴᠢᠨᠠᠷᠲᠠᠢ ᠰᠣᠨᠢᠷᠬᠠᠯᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠶᠠᠪᠤᠭᠲᠠᠭᠤᠯᠵᠤ᠂ ᠴᠡᠷᠢᠭ ᠴᠠᠭᠳᠠᠭ᠎ᠠ ᠠᠷᠠᠳ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠶᠢ ᠴᠤᠭᠯᠠᠷᠠᠵᠤ᠂ ᠨᠥᠬᠦᠷᠯᠡᠯ ᠢᠶᠠᠨ ᠬᠠᠮᠲᠤ ᠪᠠᠷ ᠶᠠᠷᠢᠯᠴᠠᠪᠠ᠃      ᠲᠤᠰ ᠤᠳᠠᠭᠠᠨ ᠤ ᠠᠵᠢᠯᠯᠠᠭ᠎ᠠ ᠨᠢ ᠭᠠᠴᠠᠭ᠎ᠠ᠂ ᠨᠡᠶᠢᠭᠡᠮ ᠲᠣᠭᠤᠷᠢᠭ᠂ ᠬᠢᠯᠢ ᠶᠢᠨ ᠲᠣᠮᠢᠯᠠᠭᠰᠠᠨ ᠰᠠᠯᠪᠤᠷᠢ᠂ ᠬᠢᠯᠢ ᠶᠢᠨ ᠬᠠᠮᠠᠭᠠᠯᠠᠯᠲᠠ ᠴᠢᠷᠢᠭ ᠠᠩᠭᠢ᠂ ᠬᠤᠸᠠ ᠶᠢᠦ ᠪᠤᠯᠠᠭ ᠤᠨ ᠠᠵᠢᠯᠯᠠᠬᠤ ᠲᠣᠭᠤᠷᠢᠭ ᠵᠡᠷᠭᠡ 8 ᠨᠠᠮ ᠤᠨ ᠡᠭᠦᠷ ᠤᠨ  ᠬᠠᠮᠲᠤᠷᠠᠯ ᠳᠣᠣᠷ᠎ᠠ᠂ ᠨᠡᠪᠲᠡᠷᠡᠭᠦᠯᠦᠨ ᠠᠭᠤᠰᠤᠯᠴᠠᠭᠤᠯᠬᠤ᠂ ᠥᠨᠳᠥᠷ ᠪᠦᠲᠦᠮᠵᠢᠲᠡᠶ ᠬᠠᠮᠲᠤᠷᠠᠨ ᠬᠥᠳᠡᠯᠦᠯᠴᠡᠬᠦ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠢ ᠢᠳᠡᠪᠬᠢᠲᠡᠢ ᠳᠠᠶᠢᠴᠢᠯᠠᠨ ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠶᠢᠯᠠᠯ ᠤᠨ ︽ᠵᠢᠷᠭᠤᠭ᠎ᠠ ᠶᠢ ᠨᠢᠭᠡ ᠴᠣᠭᠴᠠᠵᠢᠭᠤᠯᠤᠭᠰᠠᠨ︾ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠤᠯᠠᠭᠠᠨ ᠥᠩᠭᠡ ᠶᠢ ᠨᠡᠮᠡᠷᠢᠯᠡᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠤᠯᠠᠮ ᠴᠢᠨᠠᠭᠰᠢᠳᠠ ᠠᠬᠢᠭᠤᠯᠵᠤ᠂ ᠪᠦᠬᠦ ᠺᠠᠳ᠋ᠷ ᠠᠵᠢᠯᠲᠠᠨ᠂ ᠨᠠᠮ ᠤᠨ ᠭᠡᠰᠢᠭᠦᠨ ᠤᠯᠠᠨ ᠲᠦᠮᠡᠨ ᠢ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠡᠭᠦᠷᠢᠳᠡ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠥᠪᠡᠷ ᠤᠨ ᠠᠮᠢ ᠨᠠᠰᠤ ᠪᠠᠨ ᠨᠠᠨᠳᠢᠩᠨᠠᠬᠤ ᠰᠢᠭ᠋ ᠢᠶᠠᠷ ᠦᠨᠳᠦᠰᠦᠲᠡᠨ ᠤ ᠪᠦᠯᠬᠦᠮᠳᠡᠯ ᠢ ᠨᠠᠨᠳᠢᠩᠨᠠᠬᠤ ᠢᠲᠡᠭᠡᠯ ᠵᠣᠷᠢᠭ ᠢ ᠤᠯᠠᠮ ᠪᠠᠲᠤᠳᠬᠠᠪᠠ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号