ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ   ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/7/26
    ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 7 ᠰᠠᠷ᠎ᠠ ᠶᠢᠨ 25 ᠤ ᠡᠳᠦᠷ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃    ᠬᠤᠷᠠᠯ ᠠᠴᠠ᠂ ᠡᠨᠡ ᠵᠢᠯ ᠤᠨ ᠮᠠᠨ ᠤ ᠤᠯᠤᠰ ᠤᠨ ᠠᠭᠤᠷ ᠠᠮᠢᠰᠬᠤᠯ ᠤᠨ ᠵᠢᠯ ᠤᠨ ᠥᠩᠭᠡ ᠠᠨᠠᠢ᠂ ᠰᠢᠷᠦᠭᠦᠨ ᠪᠣᠷᠣᠭᠠᠨ ᠣᠷᠣᠬᠤ ᠶᠠᠪᠤᠴᠠ ᠤᠯᠠᠨ᠂ ᠦᠷᠭᠦᠯᠵᠢᠯᠡᠬᠦ ᠴᠠᠭ ᠤᠷᠳᠤ᠂ ᠭᠤᠣᠯ ᠮᠥᠷᠡᠨ ᠤ ᠦᠶᠡᠷ ᠡᠷᠲᠡ ᠡᠭᠦᠰᠴᠦ᠂ ᠬᠤᠪᠢᠷᠠᠯᠲᠠ ᠲᠦᠷᠭᠡᠨ ᠪᠠᠶᠢᠵᠤ᠂ ᠵᠠᠷᠢᠮ ᠭᠠᠵᠠᠷ ᠣᠷᠣᠨ ᠲᠠᠭᠢᠨ ᠳᠠᠪᠲᠠᠨ ᠰᠢᠷᠦᠭᠦᠨ ᠪᠣᠷᠣᠭᠠᠨ ᠳᠤ ᠳᠠᠭᠠᠷᠢᠬᠳᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠠᠷᠤᠢ ᠲᠦᠷᠭᠡᠨ ᠬᠥᠳᠡᠯᠦᠯᠴᠡᠵᠦ᠂ ᠪᠦᠭᠦ ᠬᠦᠴᠦ ᠪᠠᠷ ᠢᠶᠠᠨ ᠠᠷᠭᠠᠴᠠᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠪᠣᠯᠣᠨ ᠡᠯ᠎ᠡ ᠲᠦᠷᠦᠯ ᠤᠨ ᠲᠤᠰᠬᠠᠢ ᠠᠪᠤᠷᠠᠨ ᠲᠤᠰᠠᠯᠠᠬᠤ ᠬᠦᠴᠦᠨ ᠵᠠᠷᠯᠢᠭ ᠢ ᠰᠣᠨᠣᠰᠤᠮᠠᠭᠴᠠ ᠪᠠᠨ ᠬᠥᠳᠡᠯᠦᠯᠴᠡᠵᠦ᠂ ᠡᠮᠦᠨ᠎ᠡ ᠨᠢ ᠭᠠᠪᠰᠢᠭᠠᠶᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠲᠦᠮᠡᠨ ᠤᠯᠠᠨ ᠢᠶᠠᠷ ᠢᠶᠠᠨ ᠪᠣᠯᠣᠳ ᠬᠡᠷᠡᠮ ᠪᠣᠯᠵᠤ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠴᠢᠬᠤᠯᠠ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠠᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠣᠳᠣᠬᠠᠨ ᠳᠤ ᠮᠠᠨ ᠤ ᠤᠯᠤᠰ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠥᠬᠡᠮᠥ᠋ᠷᠡᠨ ᠵᠡᠷᠭᠡ ᠰᠠᠪᠠ ᠭᠠᠵᠠᠷ ᠤᠨ ᠦᠶᠡᠷ ᠤᠨ ᠣᠷᠭᠢᠯ ᠢ ᠰᠡᠷᠭᠡᠶᠢᠯᠡᠬᠦ᠂ ᠳᠠᠯᠠᠩ ᠰᠡᠳᠡᠷᠡᠭᠦ ᠠᠴᠠ ᠰᠡᠷᠭᠡᠶᠢᠯᠡᠬᠦ᠂ ᠤᠰᠤᠲᠤᠯ ᠢ ᠭᠠᠳᠠᠭᠰᠢᠯᠠᠭᠤᠯᠬᠤ ᠳᠠᠷᠤᠯᠲᠠ ᠪᠠᠭᠤᠷᠠᠬᠤ ᠦᠭᠡᠢ ᠪᠠᠶᠢᠵᠤ᠂ ᠬᠠᠲᠤᠨ ᠭᠤᠣᠯ᠂ ᠬᠤᠸᠠᠶᠢᠾᠧ ᠭᠤᠣᠯ᠂ ᠬᠠᠶᠢᠾᠧ ᠭᠤᠣᠯ᠂ ᠰᠤᠩᠭᠠᠷᠢ ᠮᠥᠷᠡᠨ ᠯᠢᠶᠣᠤᠾᠧ ᠭᠤᠣᠯ ᠤᠨ ᠰᠠᠪᠠ ᠭᠠᠵᠠᠷ ᠲᠤ ᠨᠡᠯᠢᠶᠡᠳ ᠬᠦᠨᠳᠦ ᠦᠶᠡᠷ ᠤᠨ ᠪᠠᠶᠢᠳᠠᠯ ᠭᠠᠷᠴᠤ ᠮᠡᠳᠡᠬᠦ ᠪᠥᠭᠡᠳ ᠲᠠᠶᠢᠹᠧᠩ ᠰᠠᠯᠬᠢ ᠢᠳᠡᠪᠬᠢ ᠬᠤᠭᠤᠴᠠᠭᠠᠨ ᠳᠤ ᠣᠷᠣᠬᠤ ᠲᠠᠢ ᠳᠠᠪᠬᠤᠴᠠᠵᠤ᠂ ᠦᠶᠡᠷ ᠢ ᠰᠡᠷᠭᠡᠶᠢᠯᠡᠬᠦ ᠪᠠᠶᠢᠳᠠᠯ ᠨᠠᠩ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠤ ᠪᠠᠶᠢᠨ᠎ᠠ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠨᠠᠨ ᠬᠡᠮᠵᠢᠬᠦ ᠠᠷᠭ᠎ᠠ ᠪᠠᠷᠢᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠭᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠤᠤᠷᠢᠶᠠᠲᠤᠨ ᠳᠠᠭᠠᠬᠤ ᠬᠤᠷᠳᠤᠴᠠ ᠶᠢ ᠲᠦᠷᠭᠡᠳᠬᠡᠵᠦ᠂ ᠰᠡᠷᠭᠡᠶᠢᠯᠡᠬᠦ ᠭᠤᠣᠯᠳᠠᠯᠭ᠎ᠠ ᠶᠢ ᠳᠣᠪᠤᠶᠢᠯᠭᠠᠵᠤ᠂ ᠦᠨᠳᠦᠰᠦᠨ ᠱᠠᠲᠤᠨ ᠤ ᠦᠵᠦᠭᠦᠷ ᠬᠡᠰᠡᠭ ᠢ ᠴᠢᠩᠭ᠎ᠠ ᠠᠩᠬᠠᠷᠴᠤ᠂ ᠠᠶᠤᠯᠲᠠᠢ ᠣᠷᠣᠨ ᠤ ᠣᠯᠠᠨ ᠲᠦᠮᠡᠨ ᠢ ᠤᠷᠢᠳᠴᠢᠯᠠᠨ ᠡᠷᠡᠰ ᠰᠢᠭᠤᠷᠬᠠᠢ ᠪᠠᠷ ᠰᠢᠯᠵᠢᠭᠦᠯᠵᠦ᠂ ᠬᠥᠮᠥᠨ ᠬᠠᠷ᠎ᠠ ᠦᠬᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠴᠢᠬᠤᠯᠠ ᠬᠠᠰᠢᠯᠭ᠎ᠠ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠦᠶᠡᠷ ᠢ ᠰᠡᠷᠭᠡᠶᠢᠯᠡᠬᠦ ᠲᠣᠭᠤᠷᠢᠨ ᠪᠠᠶᠢᠴᠠᠭᠠᠬᠤ ᠰᠡᠷᠭᠡᠶᠢᠯᠡᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠪᠠᠭᠤᠷᠠᠢ ᠬᠠᠰᠢᠯᠭ᠎ᠠ ᠶᠢᠨ ᠬᠡᠰᠡᠭ᠂ ᠠᠶᠤᠯᠲᠠᠢ ᠪᠠᠷᠢᠯᠭ᠎ᠠ ᠶᠢᠨ ᠬᠡᠰᠡᠭ᠂ ᠠᠶᠤᠯᠲᠠᠢ ᠤᠰᠤᠨ ᠴᠥᠭᠦᠷᠥᠮ ᠢ ᠭᠤᠣᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠶᠢ ᠳᠣᠪᠤᠶᠢᠯᠭᠠᠵᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠶᠡᠭᠡ ᠮᠥᠷᠡᠨ ᠶᠡᠭᠡ ᠭᠤᠣᠯ ᠤᠨ ᠬᠠᠰᠢᠯᠭ᠎ᠠ ᠰᠡᠲᠡᠷᠡᠭᠦ᠂ ᠲᠣᠮᠣ ᠭᠡᠯᠪᠡᠷᠢ ᠶᠢᠨ ᠪᠠ ᠭᠤᠣᠯᠳᠠᠯᠭ᠎ᠠ ᠲᠠᠢ ᠳᠤᠮᠳᠠ ᠭᠡᠯᠪᠡᠷᠢ ᠶᠢᠨ ᠤᠰᠤᠨ ᠴᠥᠭᠦᠷᠥᠮ ᠤᠨ ᠬᠠᠰᠢᠯᠭ᠎ᠠ ᠨᠤᠷᠠᠬᠤ ᠠᠴᠠ ᠡᠷᠡᠰ ᠵᠠᠶᠢᠯᠠᠰᠬᠢᠬᠤ ᠬᠡᠷᠡᠭᠲᠡᠢ᠃ ᠦᠶᠡᠷ ᠢ ᠰᠡᠷᠭᠡᠶᠢᠯᠡᠬᠦ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠶᠡᠷ ᠢ ᠲᠣᠭᠲᠠᠭᠠᠬᠤ ᠣᠷᠣᠨ ᠤ ᠬᠡᠷᠡᠭᠯᠡᠬᠦ ᠪᠡᠯᠡᠳᠬᠡᠯ ᠢ ᠨᠠᠷᠢᠯᠢᠭᠵᠢᠭᠤᠯᠬᠤ ᠬᠡᠷᠡᠭᠲᠡᠢ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ᠂ ᠪᠠᠷᠠᠭᠤᠨ ᠣᠷᠣᠨ ᠤ ᠰᠢᠲᠠᠮᠠᠬᠠᠢ ᠬᠡᠢ ᠶᠢ ᠵᠡᠭᠦᠨᠰᠢ ᠳᠠᠮᠵᠢᠭᠤᠯᠬᠤ᠂ ᠵᠠᠰᠠᠮᠠᠯ ᠵᠠᠮ ᠲᠡᠮᠦᠷ ᠵᠠᠮ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠵᠢᠴᠢ ᠬᠤᠲᠠ ᠶᠢᠨ ᠭᠠᠵᠠᠷ ᠳᠣᠣᠷᠠᠬᠢ ᠣᠷᠣᠨ ᠵᠠᠢ᠂ ᠬᠥᠭᠦᠷᠭᠡ ᠭᠤᠯᠳᠤᠩ ᠨᠦᠭᠡᠨ ᠵᠠᠮ ᠵᠡᠷᠭᠡ ᠭᠤᠣᠯᠳᠠᠯᠭ᠎ᠠ ᠲᠠᠢ ᠭᠠᠵᠠᠷ ᠲᠤ ᠴᠢᠭᠯᠡᠭᠦᠯᠵᠦ᠂ ᠠᠶᠤᠯ ᠲᠦᠭᠰᠢᠭᠦᠷᠢ ᠭᠡᠮ ᠰᠣᠭᠤᠭ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠠᠶᠠᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠤᠷᠢᠳᠴᠢᠯᠠᠨ ᠪᠠᠶᠢᠷᠢᠯᠠᠭᠤᠯᠬᠤ ᠶᠢ ᠴᠢᠩᠭᠠᠳᠬᠠᠬᠤ ᠬᠡᠷᠡᠭᠲᠡᠢ᠃ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠲᠥᠪ ᠤᠨ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠦᠴᠦᠨ ᠴᠠᠭ ᠢᠮᠠᠭᠲᠠ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠢᠶᠠᠨ ᠪᠠᠲᠤᠯᠠᠵᠤ᠂ ᠨᠢᠭᠡᠳᠦᠯᠲᠡᠢ ᠲᠣᠬᠢᠷᠠᠭᠤᠯᠭ᠎ᠠ ᠶᠢ ᠰᠣᠨᠣᠰᠴᠤ᠂ ᠲᠦᠷᠭᠡᠨ ᠬᠥᠳᠡᠯᠦᠯᠴᠡᠵᠦ᠂ ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ ᠶᠢ ᠪᠠᠲᠤᠯᠠᠬᠤ ᠬᠡᠷᠡᠭᠲᠡᠢ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠵᠤ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠲᠣᠬᠢᠷᠠᠭᠤᠯᠤᠨ ᠲᠡᠭᠡᠭᠡᠪᠦᠷᠢᠯᠡᠵᠦ᠂ ᠳᠠᠭᠠᠳᠬᠠᠯ ᠤᠨ ᠲᠥᠯᠥᠪᠦᠷᠢ ᠥᠭᠬᠦ ᠶᠢ ᠲᠦᠷᠭᠡᠳᠬᠡᠨ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ ᠣᠯᠠᠨ ᠲᠦᠮᠡᠨ ᠤ ᠡᠮᠨᠡᠭᠦᠯᠭᠦ᠂ ᠰᠤᠷᠤᠬᠴᠢᠳ ᠤᠨ ᠰᠤᠷᠭᠠᠭᠤᠯᠢ ᠡᠬᠢᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠤᠰᠤᠨ ᠠᠰᠢᠭᠯᠠᠯᠲᠠ᠂ ᠴᠠᠭᠢᠯᠭᠠᠨ ᠬᠦᠴᠦᠨ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠨ ᠰᠡᠯᠪᠢᠨ ᠵᠠᠰᠠᠵᠤ᠂ ᠭᠠᠮᠰᠢᠭᠳᠠᠭᠰᠠᠨ ᠤᠯᠠᠨ ᠲᠦᠮᠡᠨ ᠢ ᠵᠣᠬᠢᠶᠠᠨ ᠪᠠᠶᠢᠭᠤᠯᠤᠨ ᠳᠠᠭᠠᠭᠤᠯᠵᠤ ᠦᠢᠯᠡᠳᠪᠦᠷᠢᠯᠡᠯ ᠢ ᠨᠢ ᠰᠡᠷᠭᠦᠭᠡᠵᠦ᠂ ᠭᠡᠷ ᠣᠷᠣᠨ ᠢ ᠨᠢ ᠲᠠᠭᠢᠨ ᠪᠠᠶᠢᠭᠤᠯᠬᠤ ᠬᠡᠷᠡᠭᠲᠡᠢ᠃ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠬᠠᠪᠰᠤᠷᠴᠤ᠂ ᠭᠠᠮᠰᠢᠭ ᠠᠴᠠ ᠪᠣᠯᠵᠤ ᠶᠠᠳᠠᠭᠤᠷᠠᠬᠤ ᠪᠠ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠡᠮ ᠰᠣᠭᠤᠭ ᠲᠠᠢ ᠤᠰᠤᠨ ᠴᠥᠭᠦᠷᠥᠮ᠂ ᠳᠤᠮᠳᠠ ᠪᠠᠭ᠎ᠠ ᠭᠤᠣᠯ ᠮᠥᠷᠡᠨ ᠤ ᠬᠠᠰᠢᠯᠭ᠎ᠠ ᠳᠠᠯᠠᠩ᠂ ᠦᠶᠡᠷ ᠢ ᠲᠣᠭᠲᠠᠭᠠᠬᠤ ᠣᠷᠣᠨ ᠵᠡᠷᠭᠡ ᠦᠶᠡᠷ ᠢ ᠰᠡᠷᠭᠡᠶᠢᠯᠡᠬᠦ ᠢᠨᠵᠧᠨᠧᠷᠢᠩ ᠪᠣᠯᠣᠨ ᠲᠠᠷᠢᠶᠠᠨ ᠭᠠᠵᠠᠷ ᠤᠨ ᠤᠰᠤᠲᠤᠯ ᠢ ᠵᠠᠯᠠᠬᠤ ᠳᠤᠲᠠᠭᠤᠳᠠᠯ ᠢ ᠨᠥᠬᠦᠪᠦᠷᠢᠯᠡᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠣᠯᠣᠨ ᠬᠦᠴᠦᠨ ᠢ ᠴᠢᠩᠭᠠᠳᠬᠠᠵᠤ᠂ ᠪᠦᠭᠦ ᠨᠡᠶᠢᠭᠡᠮ ᠤᠨ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ       ᠴᠢᠬᠤᠯᠠᠴᠢᠯᠠᠪᠠ᠃    ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠨ ᠬᠥᠭᠵᠢᠯᠲᠡ ᠶᠢ ᠠᠬᠢᠭᠤᠯᠬᠤ᠂ ᠭᠠᠵᠠᠷ ᠣᠷᠣᠨ ᠤ ᠪᠠᠨ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠤᠨ ᠬᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠤᠰᠢᠭᠤᠴᠢᠯᠠᠨ ᠵᠢᠯᠤᠭᠤᠳᠴᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠳᠠᠶᠢᠴᠢᠨ ᠪᠠᠬᠢᠯᠡᠯᠲᠡ ᠪᠣᠯᠣᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号