ᠦᠨᠢ ᠡᠷᠳᠡᠨ ᠠᠴᠠ ᠢᠷᠡᠭᠰᠡᠨ ᠴᠢᠮᠡᠭᠡ  —  ᠵᠢᠩᠰᠡᠲᠠᠢ ᠠᠭᠤᠶ
ᠨᠡᠶᠢᠲᠡᠯᠡᠭᠰᠡᠨ ᠴᠠᠭ᠄
2024/7/31
           ᠵᠢᠩᠰᠡᠲᠠᠢ ᠠᠭᠤᠶ ᠶᠢᠨ ᠪᠠᠭᠤᠷᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠠᠯᠳᠠᠨᠬᠢᠯᠢ ᠰᠤᠮᠤᠨ ᠠᠴᠠ ᠪᠠᠷᠠᠭᠤᠨᠰᠢ 25 ᠺᠢᠯᠣᠮᠧᠲᠷ ᠵᠠᠶᠢᠲᠠᠶ ᠪᠠᠶᠢᠭ᠎ᠠ ᠵᠡᠭᠦᠨ ᠬᠠᠶᠢᠷᠬᠠᠨ ᠠᠭᠤᠯᠠ ᠶᠢᠨ ᠳᠣᠪᠣᠷᠬᠠᠭ ᠭᠠᠵᠠᠷ ᠲᠤ ᠪᠠᠶᠢᠷᠢᠯᠡᠵᠦ ᠪᠣᠶ᠃ ᠠᠭᠤᠯᠠᠨ ᠣᠷᠣᠶ ᠨᠢ ᠰᠠᠯᠬᠢᠨ ᠤ ᠬᠦᠴᠦᠨ ᠳᠤ ᠢᠳᠡᠭᠳᠡᠭᠰᠡᠨ ᠠᠴᠠ ᠮᠥᠭᠦ ᠶᠢᠨ ᠬᠡᠯᠪᠡᠷᠢ ᠲᠠᠢ ᠪᠣᠯᠵᠣ᠂ ᠡᠷᠲᠡᠨ ᠤ ᠠᠯᠪᠠᠨ ᠤ ᠮᠠᠯᠠᠭᠠᠶ ᠶᠢᠨ ᠣᠷᠣᠶ ᠶᠢᠨ ᠬᠡᠰᠡᠭ ᠤᠨ ᠴᠢᠮᠡᠭᠯᠡᠯ ᠰᠢᠭ ᠪᠠᠶᠢᠳᠠᠭ ᠪᠣᠯᠬᠤᠷ ᠠᠭᠤᠶ ᠶᠢᠨ ᠨᠡᠷ᠎ᠡ ᠵᠢᠩᠰᠡᠲᠠᠢ ᠠᠭᠤᠢ ᠭᠡᠮᠡᠨ ᠨᠡᠷᠡᠶᠢᠳᠴᠠᠢ᠃  ᠠᠭᠤᠶ ᠶᠢᠨ ᠠᠮᠠᠰᠠᠷ ᠨᠢ ᠪᠠᠷᠠᠭᠤᠨ ᠬᠤᠶᠢᠰᠢ ᠬᠠᠨᠳᠤᠵᠤ᠂ ᠠᠭᠤᠶ ᠶᠢᠨ ᠠᠮᠠᠰᠠᠷ ᠤᠨ ᠬᠡᠰᠡᠭ ᠨᠢ ᠬᠠᠮᠤᠭ ᠤᠨ ᠥᠷᠭᠡᠨ ᠭᠡᠰᠡᠭ ᠢᠶᠠᠷ ᠢᠶᠠᠨ 16 ᠮᠧᠲᠷ ᠭᠠᠷᠤᠢ᠂ ᠭᠦᠨ ᠨᠢ 24 ᠮᠧᠲᠷ᠂ ᠬᠠᠮᠤᠭ ᠤᠨ ᠢᠪᠴᠤᠤ ᠭᠠᠵᠠᠷ ᠨᠢ 4 ᠮᠧᠲᠷ ᠰᠢᠬᠠᠮ ᠪᠠᠶᠢᠳᠠᠭ᠃ ᠡᠨᠡ ᠬᠦ ᠪᠠᠭᠤᠷᠢ ᠶᠢ ᠳᠡᠭᠡᠷ᠎ᠡ ᠵᠠᠭᠤᠨ ᠤ ᠨᠠᠶᠠᠭᠠᠳ ᠣᠨ ᠤ ᠬᠤᠶᠠᠳᠤᠭᠠᠷ ᠤᠳᠠᠭᠠᠨ ᠤ ᠪᠦᠬᠦ ᠤᠯᠤᠰ ᠤᠨ ᠰᠢᠯᠵᠢᠭᠦᠯᠵᠦ ᠪᠣᠯᠤᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠳᠤ ᠢᠯᠡᠷᠡᠭᠦᠯᠪᠡ᠃ ᠡᠨᠡ ᠨᠢ ᠮᠠᠨ ᠤ ᠤᠯᠤᠰ ᠤᠨ ᠤᠮᠠᠷᠠᠳᠦ ᠶᠢᠨ ᠲᠠᠯ᠎ᠠ ᠭᠠᠵᠠᠷ ᠲᠤ ᠠᠮᠢᠳᠤᠷᠠᠵᠤ ᠪᠠᠶᠢᠭᠰᠠᠨ ᠡᠷᠳᠡᠨ ᠤ  ᠬᠦᠮᠦᠨ ᠲᠦᠷᠦᠯᠬᠢᠳᠡᠨ ᠤ ᠲᠡᠤᠬᠡᠨ ᠤᠯᠠ ᠮᠦᠷ ᠪᠠᠶᠢᠵᠤ᠂  ᠰᠢᠨ᠎ᠡ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠲᠤᠮᠤᠬᠠᠨ ᠲᠤᠷᠠᠰᠬᠠᠯ ᠤᠨ ᠨᠢᠭᠡ ᠨᠢ ᠪᠤᠯᠬᠤ ᠶᠤᠮ᠃      ᠵᠢᠩᠰᠡᠲᠠᠢ ᠠᠭᠤᠢ ᠶᠢᠨ ᠪᠠᠭᠤᠷᠢ ᠨᠢ 1995 ᠣᠨ ᠳᠤ ᠬᠤᠰᠢᠭᠤ ᠳᠡᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠳᠠ ᠳᠤ ᠤᠷᠤᠵᠤ᠂ 2004 ᠣᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠳᠠ ᠎ ᠶᠢᠨ ᠨᠢᠭᠡᠴᠡ ᠳᠤ         ᠤᠷᠤᠵᠤ᠂  2013 ᠣᠨ ᠤ 5 ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠦᠯᠦᠭ ᠤᠨ ᠪᠦᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠳᠠ ᠎ ᠶᠢᠨ ᠤᠷᠤᠨ ᠪᠤᠯᠵᠠᠢ᠃      2000 ᠣᠨ ᠠᠴᠠ 2001 ᠣᠨ ᠪᠣᠯᠲᠠᠯ᠎ᠠ ᠥᠪᠥᠷ ᠮᠣᠩᠭᠤᠯ ᠤᠨ ᠲᠡᠦᠬᠡ ᠶᠢᠨ ᠲᠤᠷᠠᠰᠬᠠᠯᠳᠦ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠪᠣᠯᠤᠨ ᠭᠢᠷᠢᠨ ᠶᠡᠭᠡ ᠰᠤᠷᠭᠠᠭᠤᠯᠢ᠂ ᠰᠢᠯᠢ ᠶᠢᠨ ᠭᠤᠣᠯ ᠠᠶᠢᠮᠠᠭ ᠤᠨ ᠲᠡᠦᠬᠡ ᠶᠢᠨ ᠲᠤᠷᠠᠰᠬᠠᠯᠳᠦ ᠵᠦᠢᠯᠡᠰ ᠤᠨ ᠦᠷᠳᠡᠭᠡ᠂ ᠵᠡᠭᠦᠨ ᠦᠵᠦᠮᠦᠴᠢᠨ ᠬᠤᠰᠢᠭᠤᠨ ᠤ ᠲᠡᠦᠬᠡ ᠶᠢᠨ ᠲᠤᠷᠠᠰᠬᠠᠯᠳᠦ ᠵᠦᠢᠯᠡᠰ ᠢ ᠬᠠᠮᠢᠶᠠᠷᠤᠨ ᠬᠠᠮᠠᠭᠠᠯᠠᠬᠤ ᠰᠠᠯᠪᠤᠷᠢ ᠠᠴᠠ ᠬᠠᠮᠳᠤᠷᠠᠯᠴᠠᠨ ᠲᠡᠭᠦᠨ ᠢ ᠠᠩᠬ᠎ᠠ ᠤᠳᠠᠭ᠎ᠠ ᠨᠡᠭᠡᠭᠡᠨ ᠮᠠᠯᠳᠠᠵᠤ᠂ ᠮᠠᠯᠲᠠᠯᠲᠠ ᠶᠢᠨ ᠲᠠᠯᠠᠪᠠᠶ ᠨᠢ 80 ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ 2800 ᠭᠠᠷᠤᠶ ᠴᠢᠯᠠᠭᠤᠨ ᠪᠠᠭᠠᠵᠢ ᠵᠡᠪᠰᠡᠭ᠂ ᠠᠮᠢᠲᠠᠨ ᠤ ᠠᠷᠤᠭ ᠶᠠᠰᠤ᠂ 30 ᠭᠠᠷᠤᠶ ᠶᠠᠰᠤᠨ ᠵᠡᠪᠰᠡᠭ ᠢ ᠮᠠᠯᠲᠠᠵᠤ ᠢᠯᠡᠷᠡᠭᠦᠯᠦᠭᠰᠡᠨ ᠨᠢ ᠲᠡᠤᠬᠡ ᠶᠢᠨ ᠤᠷᠳᠦ ᠬᠤᠭᠤᠴᠠᠭᠠᠨ ᠤ ᠲᠤᠷᠰᠢ ᠬᠦᠮᠦᠨ ᠠᠮᠢᠳᠤᠷᠠᠨ ᠰᠠᠭᠤᠵᠦ ᠪᠠᠶᠢᠭᠰᠠᠨ ᠢ ᠬᠡᠷᠡᠴᠢᠯᠡᠵᠦ ᠪᠠᠶᠢᠳᠠᠭ᠃ 2012 ᠣᠨ᠂ 2013 ᠣᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠠᠮᠢᠲᠠᠨ ᠪᠣᠯᠤᠨ ᠡᠷᠲᠡᠨ ᠤ ᠬᠥᠮᠦᠨ ᠲᠥᠷᠥᠯᠬᠢᠲᠡᠨ ᠤ ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠮᠦᠽᠧᠶ᠂ ᠰᠢᠯᠢ ᠶᠢᠨ ᠭᠤᠤᠯ ᠠᠶᠢᠮᠠᠭ ᠤᠨ ᠲᠡᠦᠬᠡ ᠶᠢᠨ ᠲᠤᠷᠠᠰᠬᠠᠯᠳᠦ ᠵᠦᠢᠯᠡᠰ ᠤᠨ ᠥᠷᠲᠡᠭᠡ᠂ ᠵᠡᠭᠦᠨ ᠦᠵᠦᠮᠦᠴᠢᠨ ᠬᠤᠰᠢᠭᠤᠨ ᠤ ᠲᠡᠦᠬᠡ ᠶᠢᠨ ᠲᠤᠷᠠᠰᠬᠠᠯᠳᠦ ᠵᠦᠢᠯᠡᠰ ᠢ ᠬᠠᠮᠢᠶᠠᠷᠤᠨ ᠬᠠᠮᠠᠭᠠᠯᠠᠬᠤ ᠰᠠᠯᠪᠤᠷᠢ ᠠᠴᠠ ᠬᠠᠮᠲᠤᠷᠠᠨ ᠲᠣᠰ ᠪᠠᠭᠤᠷᠢ ᠶᠢ ᠬᠤᠶᠠᠳᠠᠬᠢ ᠤᠳᠠᠭ᠎ᠠ ᠰᠤᠳᠤᠯᠭᠠᠨ ᠤ ᠮᠠᠯᠳᠠᠯᠭ᠎ᠠ ᠬᠢᠵᠦ᠂ ᠮᠠᠯᠲᠠᠯᠲᠠ ᠶᠢᠨ ᠲᠠᠯᠠᠪᠠᠶ ᠨᠢ 10 ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯᠳᠠᠭᠤ 2000 ᠭᠠᠷᠤᠢ  ᠴᠢᠯᠠᠭᠤᠨ ᠴᠥᠮ᠎ᠡ᠂ ᠬᠤᠰᠤᠭᠤᠷ᠂ ᠴᠢᠯᠠᠭᠤᠨ ᠢᠯᠲᠠᠰᠤ᠂ ᠨᠠᠷᠢᠨ ᠴᠢᠯᠠᠭᠤᠨ ᠨᠠᠪᠴᠢ᠂ ᠴᠢᠯᠠᠭᠤᠨ ᠵᠡᠪᠰᠡᠭ ᠵᠡᠷᠭᠡ ᠴᠢᠯᠠᠭᠤᠨ ᠡᠳ᠋ᠯᠡᠯ ᠪᠠ ᠠᠮᠢᠳᠠᠨ ᠤ ᠴᠢᠯᠠᠭᠤᠵᠢᠮᠠᠯ ᠵᠦᠢᠯ ᠢ ᠢᠯᠡᠷᠡᠭᠦᠯᠪᠡ᠃ ᠪᠠᠭᠤᠷᠢ ᠶᠢᠨ ᠭᠤᠣᠯ ᠪᠣᠯᠬᠤ ᠰᠤᠶᠤᠯᠳᠦ ᠳᠠᠪᠬᠤᠷᠭ᠎ᠠ ᠨᠢ ᠣᠲᠣ ᠠᠴᠠ ᠪᠠᠷᠤᠭ ᠲᠠᠪᠤᠨ ᠲᠦᠮᠡᠨ ᠵᠢᠯ ᠠᠴᠠ ᠲᠤᠯᠤᠭᠠᠨ ᠮᠢᠩᠭᠠᠨ ᠵᠢᠯ ᠤᠨ ᠡᠮᠦᠨ᠎ᠡ ᠪᠠᠶᠢᠵᠤ᠂ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠳᠤᠮᠳᠠᠴᠢ ᠦᠶ᠎ᠡ᠂ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠰᠡᠭᠦᠯᠴᠢ ᠶᠢᠨ ᠦᠶ᠎ᠡ᠂ ᠰᠢᠨ᠎ᠡ ᠴᠢᠯᠠᠭᠤᠨ ᠵᠡᠪᠰᠡᠭ ᠤᠨ ᠦᠶ᠎ᠡ ᠵᠡᠷᠭᠡ ᠠᠳᠠᠯᠢ ᠪᠤᠰᠤ ᠴᠠᠭ ᠦᠶ᠎ᠡ ᠶᠢᠨ ᠦᠯᠡᠳᠡᠭᠳᠡᠯ ᠢ ᠪᠠᠭᠲᠠᠭᠠᠵᠤ ᠪᠠᠶᠢᠳᠠᠭ᠃ ᠠᠩᠬ᠎ᠠ ᠠᠯᠬᠤᠮ ᠤᠨ ᠰᠤᠳᠤᠯᠭᠠᠨ ᠠᠴᠠ ᠦᠵᠡᠪᠡᠯ᠂  ᠵᠢᠩᠰᠡᠲᠠᠢ ᠠᠭᠤᠶ ᠶᠢᠨ ᠪᠠᠭᠤᠷᠢ ᠪᠣᠯ ᠳᠤᠮᠳᠠᠳᠤ ᠤᠯᠤᠰ ᠤᠨ ᠤᠮᠠᠷᠠᠲᠤ ᠣᠷᠣᠨ ᠳᠠᠬᠢ ᠣᠳᠣ ᠠᠴᠠ 5 ᠲᠦᠮᠡᠨ ᠵᠢᠯ ᠤᠨ ᠡᠮᠦᠨᠡᠬᠢ ᠣᠨ ᠵᠢᠯ ᠪᠠ ᠰᠤᠶᠤᠯᠳᠦ ᠲᠠᠪᠬᠤᠷᠭ᠎ᠠ ᠪᠠᠷ ᠬᠠᠮᠤᠭ ᠤᠨ ᠪᠦᠷᠢᠨ ᠪᠦᠲᠦᠨ ᠪᠠᠭᠤᠷᠢ ᠶᠢᠨ ᠨᠢᠭᠡ ᠪᠠᠶᠢᠵᠤ᠂ ᠮᠠᠰᠢ ᠶᠡᠭᠡ ᠡᠷᠳᠡᠮ ᠰᠢᠨᠵᠢᠯᠡᠭᠡᠨ ᠤ ᠦᠨ᠎ᠡ ᠥᠷᠲᠡᠭ ᠢ ᠠᠬᠤᠭᠤᠯᠵᠤ ᠪᠠᠶᠢᠳᠠᠭ᠃ ᠪᠠᠭᠤᠷᠢ ᠶᠢᠨ ᠭᠠᠵᠠᠷ ᠤᠨ ᠳᠠᠪᠬᠤᠷᠭ᠎ᠠ ᠶᠢ 9 ᠳᠠᠪᠬᠤᠷᠭ᠎ᠠ ᠳᠤ ᠬᠤᠪᠢᠶᠠᠵᠤ᠂ ᠡᠭᠦᠨ ᠳᠤ 8 — 1  ᠳ᠋ᠤᠭᠠᠷ ᠳᠠᠪᠬᠤᠷᠭ᠎ᠠ ᠳᠤ ᠬᠠᠭᠤᠴᠢ ᠰᠤᠳᠤᠯᠤᠯ ᠤᠨ ᠦᠯᠡᠳᠡᠭᠳᠡᠯ ᠠᠭᠤᠯᠤᠭᠳᠠᠵᠤ  ᠂ ᠣᠲᠣ ᠠᠴᠠ ᠪᠠᠷᠤᠭ 5 — 4 ᠲᠦᠮᠡᠨ ᠵᠢᠯ ᠤᠨ ᠡᠮᠦᠨᠡᠬᠢ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ  ᠲᠤᠮᠳᠠᠴᠢ ᠦᠶ᠎ᠡ ᠶᠢᠨ ᠮᠤᠰᠲ ᠶᠢᠨ ᠴᠢᠯᠠᠭᠤᠨ ᠪᠠᠭᠠᠵᠢ᠂ ᠣᠲᠣ ᠠᠴᠠ ᠪᠠᠷᠤᠭ 2.5 ᠲᠦᠮᠡᠨ ᠵᠢᠯ ᠤᠨ ᠡᠮᠦᠨᠡᠬᠢ ᠴᠢᠯᠠᠭᠤᠨ ᠨᠠᠪᠴᠢ ᠶᠢᠨ ᠮᠡᠷᠭᠡᠵᠢᠯ ᠤᠨ ᠣᠨᠴᠠᠯᠢᠭ ᠲᠠᠢ ᠴᠢᠯᠠᠭᠤᠨ ᠪᠠᠭᠠᠵᠢ᠂ ᠳᠠᠬᠢᠭᠠᠳ ᠣᠲᠣ ᠠᠴᠠ ᠪᠠᠷᠤᠭ 1.3 ᠲᠦᠮᠡᠨ ᠵᠢᠯ ᠤᠨ ᠡᠮᠦᠨᠡᠬᠢ ᠨᠠᠷᠢᠯᠢᠭ ᠴᠢᠯᠠᠭᠤᠨ ᠨᠠᠪᠴᠢ ᠶᠢᠨ ᠮᠡᠷᠭᠡᠵᠢᠯ᠂ ᠬᠤᠤᠰ ᠲᠠᠯᠠᠲᠤ ᠪᠠᠭᠠᠵᠢ ᠪᠣᠯᠪᠠᠰᠤᠷᠠᠭᠤᠯᠬᠤ ᠮᠡᠷᠭᠡᠵᠢᠯ᠂  ᠭᠤᠶᠤᠯ ᠴᠢᠮᠡᠭᠯᠡᠯ ᠤᠨ ᠡᠳ᠋ ᠠᠭᠤᠯᠤᠭᠰᠠᠨ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠰᠡᠭᠦᠯᠴᠢ ᠶᠢᠨ ᠦᠶ᠎ᠡ  ᠬᠦᠷᠴᠦ᠂ ᠬᠠᠮᠤᠭ  ᠰᠡᠭᠦᠯᠴᠢ ᠨᠢ ᠬᠦᠷᠡᠯ ᠵᠢᠵᠢᠭ ᠪᠠᠭᠠᠵᠢ᠂ ᠸᠠᠭᠠᠷ ᠤᠨ ᠬᠡᠯᠳᠡᠷᠬᠡᠢ ᠵᠡᠷᠭᠡ ᠶᠢ ᠠᠭᠤᠯᠤᠭᠰᠠᠨ ᠬᠦᠷᠡᠯ ᠵᠡᠪᠰᠡᠭ ᠤᠨ ᠦᠶ᠎ᠡ ᠬᠦᠷᠴᠦ ᠪᠠᠶᠢᠳᠠᠭ᠃ ᠡᠳᠡᠭᠡᠷ ᠮᠠᠲ᠋ᠧᠷᠢᠶᠠᠯ ᠨᠢ ᠪᠢᠳᠡᠨ ᠤ ᠬᠠᠭᠤᠴᠢᠨ ᠴᠢᠯᠠᠭᠤᠨ ᠵᠡᠪᠰᠡᠭ ᠤᠨ  ᠲᠤᠮᠳᠠᠴᠢ ᠰᠡᠭᠦᠯᠴᠢ ᠦᠶ᠎ᠡ ᠶᠢᠨ ᠳᠣᠷᠣᠨᠠᠳᠠᠬᠢᠨ ᠥᠷᠥᠨᠡᠳᠠᠬᠢᠨ ᠤ ᠰᠣᠶᠣᠯ ᠪᠠ ᠮᠡᠷᠭᠡᠵᠢᠯ ᠤᠨ ᠰᠣᠯᠢᠯᠴᠠᠭ᠎ᠠ᠂  ᠳᠤᠮᠳᠠᠳᠤ ᠤᠯᠤᠰ ᠤᠨ ᠤᠮᠠᠷᠠᠲᠤ ᠶᠢᠨ ᠡᠷᠲᠡᠨ ᠤ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠵᠠᠭᠪᠤᠷ ᠤᠨ ᠬᠤᠪᠢᠷᠠᠯᠲᠠ ᠪᠠ ᠣᠷᠴᠢᠨ ᠠᠬᠤᠢ ᠶᠢᠨ ᠬᠤᠪᠢᠷᠠᠯᠲᠠ ᠳᠤ ᠵᠣᠬᠢᠴᠠᠬᠤ ᠬᠠᠷᠢᠴᠠᠭ᠎ᠠ᠂ ᠤᠳᠤ ᠦᠶ᠎ᠡ ᠶᠢᠨ ᠬᠥᠮᠦᠨ ᠤ ᠤᠮᠠᠷᠠᠲᠤ ᠤᠷᠤᠨ ᠳᠠᠬᠢ ᠲᠠᠷᠬᠠᠯᠲᠠ ᠶᠢᠨ ᠱᠤᠭᠤᠮ ᠵᠢᠴᠢ ᠪᠤᠰᠤᠳ ᠭᠠᠷᠤᠯ ᠤᠨ ᠡᠷᠳᠡᠨ ᠤ ᠬᠦᠮᠦᠰ ᠯᠦᠭᠡ ᠶᠢᠨ ᠰᠣᠯᠢᠯᠴᠠᠭ᠎ᠠ ᠵᠡᠷᠭᠡ ᠡᠷᠳᠡᠮ ᠰᠢᠨᠵᠢᠯᠡᠭᠡᠨ ᠤ ᠰᠡᠳᠦᠪ ᠢ ᠶᠠᠷᠢᠯᠴᠠᠬᠤ ᠳᠤ ᠣᠯᠳᠠᠰᠢ ᠦᠭᠡᠢ ᠮᠠᠲ᠋ᠧᠷᠢᠶᠠᠯ ᠬᠠᠩᠭᠠᠭᠰᠠᠨ ᠪᠠᠶᠢᠨ᠎ᠠ᠃ ᠢᠯᠠᠩᠭᠤᠶ᠎ᠠ ᠪᠠᠭᠤᠷᠢ ᠶᠢᠨ 8 — 7 ᠳ᠋ᠤᠭᠠᠷ ᠳᠠᠪᠬᠤᠷᠭ᠎ᠠ ᠠᠴᠠ ᠢᠯᠡᠷᠡᠭᠦᠯᠦᠭᠰᠡᠨ ᠯᠤᠸᠠᠯᠤᠸᠠ ᠶᠢᠨ ᠮᠡᠷᠭᠡᠵᠢᠯ ᠤᠨ ᠪᠦᠲᠦᠭᠡᠭᠳᠡᠬᠦᠨ ᠪᠦᠬᠦᠢ ᠮᠦᠰᠲ ᠶᠢᠨ ᠲᠡᠤᠬᠡᠨ ᠦᠯᠡᠳᠡᠭᠳᠡᠯ ᠡᠳ᠋ ᠨᠢ ᠠᠽᠢᠶ᠎ᠠ ᠧᠦ᠋ᠷᠣᠫᠠ ᠶᠢᠨ ᠡᠬᠡ ᠬᠠᠭᠤᠷᠠᠶ ᠳᠠᠬᠢ ᠲᠠᠷᠬᠠᠯᠲᠠ ᠶᠢᠨ ᠬᠡᠪᠴᠢᠶ᠎ᠡ ᠶᠢ ᠵᠡᠭᠦᠨᠰᠢ 2000 ᠰᠢᠬᠠᠮ ᠺᠢᠯᠣᠮᠧᠲᠷ ᠥᠷᠭᠡᠳᠬᠡᠪᠡ᠂ ᠡᠨᠡ ᠬᠦ ᠰᠤᠳᠤᠯᠭᠠᠨ ᠤ ᠦᠷ᠎ᠡ ᠪᠦᠲᠦᠭᠡᠯ ᠨᠢ ᠳᠤᠮᠳᠠᠳᠤ ᠤᠯᠤᠰ ᠢ ᠥᠩᠭᠡᠷᠡᠭᠰᠡᠨ ᠳᠤ ᠨᠡᠯᠢᠶᠡᠳ ᠴᠥᠭᠡᠨ ᠤᠷᠤᠯᠴᠠᠵᠤ ᠪᠠᠶᠢᠭᠰᠠᠨ ᠤᠯᠠᠨ ᠤᠯᠤᠰ ᠤᠨ ᠬᠠᠯᠠᠮᠰᠢᠯ ᠴᠡᠭ ᠤᠨ ᠡᠷᠳᠡᠮ ᠰᠢᠨᠵᠢᠯᠡᠭᠡᠨ ᠤ ᠠᠰᠠᠭᠤᠳᠠᠯ ᠤᠨ ᠲᠤᠬᠠᠶ ᠶᠠᠷᠢᠯᠴᠠᠭᠠᠨ ᠳᠤ ᠤᠷᠤᠭᠤᠯᠵᠤ᠂ ᠪᠦᠬᠦ ᠳᠡᠯᠡᠬᠡᠶ ᠳᠤ ᠶᠡᠭᠡᠭᠡᠨ ᠨᠥᠯᠥᠭᠡ ᠭᠠᠷᠭᠠᠭᠰᠠᠨ ᠶᠤᠮ᠃ ᠲᠣᠰ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠨᠢ ᠳᠡᠯᠡᠬᠡᠶ ᠶᠢᠨ ᠡᠷᠲᠡᠨ ᠤ ᠬᠥᠮᠦᠨ ᠲᠥᠷᠥᠯᠬᠢᠲᠡᠨ ᠤ ᠰᠤᠳᠤᠯᠤᠯ ᠤᠨ ᠰᠡᠳᠬᠦᠯ ᠪᠣᠯᠬᠤ ︽ᠬᠥᠮᠦᠨ ᠲᠥᠷᠥᠯᠬᠢᠲᠡᠨ ᠤ ᠬᠤᠪᠢᠰᠤᠯ︾ ᠰᠡᠳᠬᠦᠯ ᠳᠤ ᠨᠡᠶᠢᠲᠡᠯᠡᠭᠳᠡᠭᠰᠡᠨ ᠤ ᠳᠠᠷᠠᠭ᠎ᠠ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠢᠨ ᠤ ᠠᠩᠬᠠᠷᠤᠯ ᠢ ᠥᠷᠭᠡᠨ ᠢᠶᠠᠷ  ᠲᠠᠳᠠᠵᠤ᠂ 2018 ᠣᠨ ᠳᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠨᠡᠶᠢᠭᠡᠮᠯᠢᠭ  ᠎ ᠤᠨ《 ᠠᠯᠲᠠᠨ ᠬᠦᠯᠢᠰ ᠱᠠᠩᠨᠠᠯ 》᠎ ᠢ ᠭᠥᠷᠳᠡᠭᠰᠡᠨ ᠪᠠᠶᠢᠨ᠎ᠠ᠃      2021 ᠣᠨ ᠤ 6 ᠰᠠᠷ᠎ᠠ ᠠᠴᠠ 9 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠰᠡᠭᠡᠷᠲᠡᠨ ᠠᠮᠢᠲᠠᠨ ᠬᠢᠭᠡᠳ ᠡᠷᠲᠡᠨ ᠤ ᠬᠥᠮᠦᠨ ᠲᠥᠷᠥᠯᠬᠢᠲᠡᠨ ᠤ ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠮᠦᠽᠧᠶ᠂ ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ᠂ ᠰᠢᠯᠢ ᠶᠢᠨ ᠭᠤᠤᠯ ᠠᠶᠢᠮᠠᠭ ᠤᠨ ᠮᠦᠽᠧᠶ᠂ ᠵᠡᠭᠦᠨ ᠦᠵᠦᠮᠦᠴᠢᠨ ᠬᠤᠰᠢᠭᠤᠨ ᠤ ᠮᠦᠽᠧᠶ ᠬᠠᠮᠲᠤᠷᠠᠨ ᠵᠢᠩᠰᠡᠲᠠᠢ ᠠᠭᠤᠶ ᠶᠢᠨ ᠪᠠᠭᠤᠷᠢ ᠳᠤ ᠭᠤᠷᠪᠠᠳᠠᠬᠢ ᠤᠳᠠᠭ᠎ᠠ‌‍ᠲ᠋ᠦ᠋ᠷᠢᠮᠵᠢᠭᠦᠨ ᠲᠤᠰᠬᠠᠶᠢᠵᠢᠭᠰᠠᠨ ᠰᠤᠳᠤᠯᠭᠠᠨ ᠤ ᠮᠠᠯᠳᠠᠯᠭ᠎ᠠ ᠬᠢᠵᠦ᠂ ᠠᠭᠤᠢ ᠶᠢᠨ ᠲᠤᠳᠤᠷᠠᠬᠢ ᠡᠪᠳᠡᠭᠳᠡᠬᠦ ᠠᠶᠤᠯᠲᠠᠢ ᠲᠠᠪᠬᠤᠷᠭ᠎ᠠ ᠬᠡᠰᠡᠭ ᠳᠤ  ᠪᠠᠬᠢᠵᠢᠭᠦᠯᠦᠯᠳᠡ ᠬᠢᠪᠡ᠃      ᠲᠣᠰ ᠤᠳᠠᠭᠠᠨ ᠤ ᠮᠠᠯᠲᠠᠯᠲᠠ ᠳᠤ ᠨᠡᠶᠢᠲᠡ 20 ᠲᠡᠭᠰᠢ ᠳᠥᠷᠪᠡᠯᠵᠢᠨ ᠮᠧᠲᠷ ᠲᠠᠯᠠᠪᠠᠶ ᠶᠢ ᠴᠡᠪᠡᠷᠯᠡᠵᠡᠶ᠂ ᠡᠭᠦᠨ ᠤ ᠳᠣᠲᠣᠷ᠎ᠠ ᠠᠩᠬᠠᠨ ᠤ ᠣᠪᠣᠭᠠᠯᠠᠯ ᠤᠨ ᠬᠠᠮᠤᠭ ᠤᠨ ᠶᠡᠭᠡ ᠮᠠᠯᠲᠠᠯᠲᠠ ᠶᠢᠨ ᠲᠠᠯᠠᠪᠠᠶ ᠨᠢ ᠪᠠᠷᠤᠭ 10 ᠲᠡᠭᠰᠢ ᠳᠥᠷᠪᠡᠯᠵᠢᠨ ᠮᠧᠲᠷ ᠪᠠᠶᠢᠵᠤ᠂ ᠮᠠᠯᠲᠠᠵᠤ ᠭᠠᠷᠭᠠᠭᠰᠠᠨ ᠣᠪᠣᠭᠠᠯᠠᠯ ᠨᠢ 5000 ᠰᠢᠬᠠᠮ ᠯᠢᠲᠷ ᠪᠠᠶᠢᠨ᠎ᠠ᠃ ᠠᠩᠬᠠᠨ ᠤ ᠣᠪᠣᠭᠠᠯᠠᠯ ᠤᠨ ᠳᠣᠲᠣᠷ᠎ᠠ ᠠᠴᠠ ᠣᠯᠳᠠᠭᠰᠠᠨ ᠦᠯᠢᠭᠡᠷ ᠡᠳ᠋ 1100 ᠭᠠᠷᠤᠶ ᠵᠦᠢᠯ ᠪᠤᠶ᠂ ᠡᠭᠦᠨ ᠳᠤ ᠸᠠᠭᠠᠷ ᠤᠨ ᠭᠡᠯᠳᠡᠷᠬᠡᠢ᠂ ᠬᠦᠷᠡᠯ ᠤᠨ ᠦᠯᠡᠳᠡᠭᠳᠡᠯ ᠡᠳ᠋᠂  ᠭᠤᠶᠤᠯ ᠴᠢᠮᠡᠭᠯᠡᠯ ᠤᠨ ᠡᠳ᠋᠂ ᠶᠠᠰᠤᠨ ᠬᠡᠷᠡᠭᠰᠡᠯ᠂ ᠬᠢᠰᠤᠭ᠎ᠠ᠂ ᠴᠢᠯᠠᠭᠤᠨ ᠪᠠᠭᠠᠵᠢ᠂ ᠠᠮᠢᠲᠠᠨ ᠤ ᠠᠷᠤᠭ ᠶᠠᠰᠤ ᠵᠢᠴᠢ ᠰᠢᠳᠦ ᠵᠡᠷᠭᠡ ᠶᠢ ᠢᠯᠡᠷᠡᠭᠦᠯᠵᠦ᠂ 2021 ᠤᠨ ᠤ ᠦᠪᠦᠷ ᠮᠤᠩᠭᠤᠯ ᠤᠨ ᠠᠷᠪᠠᠨ ᠶᠡᠭᠡ ᠬᠠᠭᠤᠴᠢ ᠰᠤᠳᠤᠯᠤᠯ ᠤᠨ ᠨᠢᠭᠡ ᠪᠠᠷ ᠦᠨᠡᠯᠡᠭᠳᠡᠪᠡ᠃ ᠵᠢᠩᠰᠡᠲᠠᠢ ᠠᠭᠤᠢ ᠶᠢᠨ ᠪᠠᠭᠤᠷᠢ ᠶᠢᠨ ᠰᠢᠨ᠎ᠡ ᠢᠯᠡᠷᠡᠭᠦᠯᠦᠯᠲᠡ ᠨᠢ ᠴᠢᠬᠤᠯᠠ ᠶᠡᠭᠡ ᠡᠷᠳᠡᠮ ᠰᠢᠨᠵᠢᠯᠡᠭᠡᠨ ᠤ ᠦᠨ᠎ᠡ ᠥᠷᠲᠡᠭ ᠪᠠ ᠳᠠᠯᠳᠠ ᠬᠦᠴᠦᠨ ᠢ ᠤᠯᠠᠮ ᠨᠢᠭᠡ ᠠᠯᠬᠤᠮ ᠢᠯᠡᠷᠡᠭᠦᠯᠵᠦ᠂ ᠪᠠᠭᠤᠷᠢ ᠶᠢ ᠤᠯᠠᠮ ᠨᠢᠭᠡ ᠠᠯᠬᠤᠮ ᠠᠭᠤᠳᠠᠯᠤᠭᠰᠠᠨ ᠪᠠ ᠦᠷᠭᠦᠯᠵᠢᠯᠡᠨ ᠭᠦᠨᠵᠡᠭᠡᠶ ᠰᠤᠳᠤᠯᠤᠭᠰᠠᠨ ᠨᠢ ᠳᠣᠷᠣᠨᠠᠳᠠᠬᠢᠨ ᠥᠷᠥᠨᠡᠳᠠᠬᠢᠨ ᠤ ᠡᠷᠲᠡᠨ ᠤ ᠬᠥᠮᠦᠨ ᠲᠥᠷᠥᠯᠬᠢᠲᠡᠨ ᠤ ᠨᠡᠭᠦᠳᠡᠯ᠂ ᠮᠡᠷᠭᠡᠵᠢᠯ ᠤᠨ ᠲᠠᠷᠬᠠᠯᠲᠠ᠂ ᠰᠣᠶᠣᠯ ᠤᠨ ᠰᠣᠯᠢᠯᠴᠠᠭ᠎ᠠ ᠵᠡᠷᠭᠡ ᠳᠤ ᠬᠠᠭᠤᠴᠢ ᠰᠤᠳᠤᠯᠤᠯ ᠤᠨ ᠪᠣᠳᠠᠲᠤ ᠭᠡᠷᠡᠴᠢ ᠬᠠᠩᠭᠠᠵᠤ᠂ ᠰᠢᠨ᠎ᠡ ᠣᠨᠣᠯ ᠤᠨ ᠲᠠᠨᠢᠯᠲᠠ ᠶᠢ ᠪᠤᠶ ᠪᠣᠯᠭᠠᠵᠠᠶ᠃ ᠡᠭᠦᠨ ᠤ ᠬᠠᠮᠲᠤ ᠪᠠᠰᠠ ᠡᠯ᠎ᠡ ᠤᠯᠤᠰ ᠤᠨ ᠰᠤᠶᠤᠯ ᠤᠨ ᠮᠡᠳᠡᠷᠡᠨ ᠵᠦᠪᠰᠢᠶᠠᠷᠡᠬᠦ ᠲᠠᠨᠢᠯᠳᠠ ᠶᠢ ᠨᠡᠮᠡᠭᠳᠡᠭᠦᠯᠵᠦ᠂ ︽ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ︾᠎ ᠶᠢᠨ ᠤᠬᠠᠮᠰᠠᠷ ᠢ ᠭᠦᠨᠵᠡᠭᠡᠶᠢᠷᠡᠭᠦᠯᠬᠦ ᠳᠤ ᠬᠦᠴᠦᠨ  ᠨᠡᠮᠡᠷᠢᠯᠡᠭᠰᠡᠨ ᠪᠢᠯᠡ᠃    
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号