ᠮᠠᠨ ᠤ ᠬᠤᠰᠢᠭᠤ ᠠᠷᠠᠳ ᠤᠨ ᠲᠥᠯᠥᠭᠡᠯᠡᠭᠴᠢᠳ ᠣᠯᠣᠰ ᠤᠨ ᠠᠯᠪᠠᠨ ᠪᠠᠶᠢᠭᠤᠯᠭ᠎ᠠ ᠶᠢᠨ ᠬᠠᠷᠢᠭᠤᠴᠠᠯᠭᠠᠲᠠᠨ ᠢ ᠪᠣᠯᠵᠣᠨ ᠠᠭᠤᠯᠵᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/4
      6 ᠰᠠᠷ᠎ᠠ ᠶᠢᠨ 6 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠡᠰᠡᠭ ᠠᠷᠠᠳ ᠤᠨ ᠲᠥᠯᠦᠭᠡᠯᠡᠭᠴᠢ ᠢ ᠵᠣᠬᠢᠶᠠᠨ ᠪᠠᠶᠢᠭᠤᠯᠵᠤ ᠣᠯᠣᠰ ᠤᠨ ᠠᠯᠪᠠᠨ ᠪᠠᠶᠢᠭᠤᠯᠭ᠎ᠠ ᠶᠢᠨ ᠬᠠᠷᠢᠭᠤᠴᠠᠯᠭᠠᠲᠠᠨ ᠲᠠᠢ ᠪᠣᠯᠵᠣᠨ ᠠᠭᠤᠯᠵᠠᠬᠤ ᠠᠵᠢᠯᠯᠠᠭ᠎ᠠ ᠥᠷᠨᠢᠭᠦᠯᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠠᠷᠠᠨᠰᠦ᠋ᠬᠡ ᠠᠵᠢᠯᠯᠠᠭ᠎ᠠ ᠳᠤ  ᠣᠷᠤᠯᠴᠠᠪᠠ᠃      ᠬᠤᠷᠠᠯ ᠠᠴᠠ ᠡᠮᠦᠨ᠎ᠡ᠂ ᠠᠷᠠᠳ ᠤᠨ ᠲᠥᠯᠥᠭᠡᠯᠡᠭᠴᠢᠳ ᠬᠤᠰᠢᠭᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠦᠵᠡᠭᠦᠯᠦᠯᠭᠡ ᠶᠢᠨ ᠴᠡᠭ ᠵᠡᠭᠦᠨ ᠦᠵᠦᠮᠦᠴᠢᠨ ᠬᠤᠰᠢᠭᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠪᠠ ᠵᠡᠭᠦᠨ ᠦᠵᠦᠮᠦᠴᠢᠨ ᠬᠤᠰᠢᠭᠤᠨ ᠤ ᠴᠡᠷᠢᠭ  ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠶᠢ ᠲᠣᠭᠤᠷᠢᠨ ᠦᠵᠡᠵᠦ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃      ᠬᠤᠷᠠᠯ ᠳᠡᠭᠡᠷ᠎ᠡ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠭᠢᠯᠡᠭᠦ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠰᠢᠯᠢ ᠶᠢᠨ ᠭᠤᠣᠯ ᠠᠶᠢᠮᠠᠭ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠮᠠᠨ ᠤ ᠬᠤᠰᠢᠭᠤᠨ ᠤ ᠠᠵᠢᠯ ᠤᠨ ᠪᠠᠶᠢᠳᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠲᠤᠰ ᠲᠤᠰ ᠲᠠᠨᠢᠯᠴᠠᠭᠤᠯᠵᠠᠢ᠃ ᠠᠷᠠᠳ ᠤᠨ ᠲᠥᠯᠥᠭᠡᠯᠡᠭᠴᠢᠳ ᠡᠳᠡᠭᠡᠷ ᠠᠵᠢᠯ ᠤᠨ ᠲᠣᠭᠤᠷᠢᠨ ᠳᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠨ ᠣᠶᠢᠯᠠᠭᠠᠯᠴᠠᠪᠠ᠃      ᠰᠠᠷᠠᠨᠰᠦ᠋ᠬᠡ ᠵᠢᠭᠠᠬᠤ ᠳᠠᠭᠠᠨ᠂ ᠠᠷᠠᠳ ᠤᠨ ᠲᠥᠯᠥᠭᠡᠯᠡᠭᠴᠢᠳ ᠣᠯᠣᠰ ᠤᠨ ᠠᠯᠪᠠᠨ ᠪᠠᠶᠢᠭᠤᠯᠭ᠎ᠠ  ᠶᠢᠨ ᠬᠠᠷᠢᠭᠤᠴᠠᠯᠭᠠᠲᠠᠨ ᠢ ᠪᠣᠯᠵᠣᠨ ᠠᠭᠤᠯᠵᠠᠬᠤ ᠪᠣᠯ ᠬᠠᠤᠯᠢ ᠴᠠᠭᠠᠵᠠ ᠠᠴᠠ ᠠᠷᠠᠳ ᠤᠨ ᠲᠥᠯᠥᠭᠡᠯᠡᠭᠴᠢᠳ ᠲᠤ ᠣᠯᠭᠤᠭᠰᠠᠨ ᠨᠢᠭᠡᠨ ᠴᠢᠬᠤᠯᠠ ᠡᠷᠬᠡ ᠲᠤᠰᠢᠶᠠᠯ ᠮᠥᠨ᠂ ᠬᠢᠨᠠᠯᠲᠠ ᠲᠠᠯᠪᠢᠬᠤ ᠠᠵᠢᠯ ᠢ ᠲᠦᠯᠬᠢᠨ ᠠᠬᠢᠭᠤᠯᠬᠤ ᠶᠢᠨ ᠪᠣᠳᠠᠲᠠᠢ ᠬᠡᠷᠡᠭᠴᠡᠭᠡ ᠮᠥᠨ᠃ ᠪᠣᠯᠵᠣᠨ ᠠᠭᠤᠯᠵᠠᠬᠤ ᠳᠤ ᠣᠷᠣᠯᠴᠠᠭᠰᠠᠨ ᠬᠠᠷᠢᠭᠤᠴᠠᠯᠭᠠᠲᠠᠨ ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠵᠥᠪ ᠢᠶᠠᠷ ᠲᠠᠨᠢᠵᠤ᠂ ᠲᠥᠯᠥᠭᠡᠯᠡᠭᠴᠢᠳ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠬᠢᠨᠠᠯᠲᠠ ᠪᠠᠷ ᠡᠯ᠎ᠡ ᠵᠦᠢᠯ ᠤᠨ ᠠᠵᠢᠯ ᠢᠶᠠᠨ ᠲᠦᠯᠬᠢᠨ ᠠᠬᠢᠭᠤᠯᠬᠤ ᠬᠡᠷᠡᠭᠲᠡᠢ᠃ ᠠᠵᠢᠯᠯᠠᠭ᠎ᠠ ᠳᠤ ᠣᠷᠣᠯᠴᠠᠭᠰᠠᠨ ᠲᠥᠯᠥᠭᠡᠯᠡᠭᠴᠢᠳ ᠴᠦ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠮᠠᠨ ᠤ ᠬᠤᠰᠢᠭᠤᠨ ᠤ ᠡᠯ᠎ᠡ ᠵᠦᠢᠯ ᠤᠨ ᠡᠭᠦᠳᠦᠨ ᠪᠠᠶᠢᠭᠤᠯᠬᠤ ᠠᠵᠢᠯ ᠢ ᠰᠣᠩᠭᠤᠭᠤᠯᠢ ᠶᠢᠨ ᠠᠷᠠᠳ ᠲᠤ ᠢᠳᠡᠪᠬᠢᠲᠡᠢ ᠤᠬᠠᠭᠤᠯᠤᠨ ᠲᠠᠨᠢᠯᠴᠠᠭᠤᠯᠬᠤ ᠶᠢᠨ ᠬᠠᠮᠲᠤ᠂ ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号