ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ 22 ᠳ᠋ᠤᠭᠠᠷ ᠬᠤᠭᠤᠴᠠᠭᠠᠨ ᠤ ᠬᠦᠨᠳᠦ ᠬᠥᠩᠭᠡᠨ ᠪᠡᠶ᠎ᠡ ᠲᠠᠮᠢᠷ ᠤᠨ ᠴᠤᠭᠯᠠᠭᠠᠨ ᠵᠢᠴᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2024/7/4
      74 ᠳ᠋ᠤᠭᠡᠷ ︽6 · 1︾ ᠤ ᠳᠡᠯᠡᠬᠡᠶ ᠶᠢᠨ ᠬᠡᠦᠬᠡᠳ ᠤᠨ ᠪᠠᠶᠠᠷ ᠢ ᠪᠡᠯᠭᠡᠯᠡᠵᠦ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ  ᠤ ᠠᠮᠢᠳᠤᠷᠠᠯ ᠢ ᠪᠠᠶᠠᠯᠢᠭᠵᠢᠭᠤᠯᠤᠨ᠂ ᠰᠤᠷᠤᠭᠴᠢᠳ ᠤᠨ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠨᠡᠮᠡᠭᠳᠡᠭᠦᠯᠬᠦ ᠶᠢᠨ ᠬᠠᠮᠲᠤ᠂ ᠬᠡᠷ ᠤᠨ ᠠᠬᠠᠮᠠᠳ ᠪᠣᠯᠤᠨ ᠬᠡᠤᠬᠡᠳ ᠤᠳ ᠬᠠᠮᠲᠦᠪᠡᠷ ᠪᠠᠶᠠᠷ ᠬᠥᠷ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠳᠤᠨᠢ ᠳᠠᠪᠴᠠᠩ ᠬᠠᠩᠭᠠᠨ ᠥᠭᠬᠦ ᠶᠢᠨ ᠲᠥᠯᠥᠭᠡ᠂ 6 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠮᠠᠨ ᠤ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ 22 ᠳ᠋ᠤᠭᠠᠷ ᠬᠤᠭᠤᠴᠠᠭᠠᠨ ᠤ ᠬᠦᠨᠳᠦ ᠬᠥᠩᠭᠡᠨ ᠪᠡᠶ᠎ᠡ ᠲᠠᠮᠢᠷ ᠤᠨ ᠴᠤᠭᠯᠠᠭᠠᠨ ᠵᠢᠴᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠪᠡ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠦᠦ ᠸᠠᠨ ᠬᠤᠸᠠ ᠪᠤᠯᠤᠨ ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠥᠬᠦ ᠪᠠᠭᠰᠢ ᠠᠵᠢᠯᠲᠠᠨ ᠵᠢᠴᠢ ᠰᠤᠷᠤᠭᠴᠢᠳ ᠵᠢᠴᠢ ᠬᠤᠰᠢᠭᠤ ᠭᠤᠷᠪᠠᠳᠤᠭᠠᠷ ᠬᠡᠤᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠤᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠭᠤᠯᠪᠠ᠃      ᠡᠬᠢᠯᠡᠯᠲᠡ‌‍ᠶᠢᠨ ᠶᠣᠰᠣᠯᠠᠯ ᠲᠠᠯᠠᠪᠠᠢ ᠳᠤ᠂ ︽ᠲᠠᠮᠢᠷᠴᠢᠳ ᠤᠨ ᠤᠷᠤᠭᠰᠢᠯᠠᠯᠲᠠ ᠶᠢᠨ ᠳᠠᠭᠤᠤ︾ ᠶᠢ ᠲᠠᠭᠠᠯᠳᠤᠨ᠂ ᠤᠯᠤᠰ ᠤᠨ ᠲᠤᠭ ᠤᠨ ᠬᠠᠮᠠᠭᠠᠯᠠᠯᠲᠠ ᠶᠢᠨ  ᠵᠢᠭᠰᠠᠭᠠᠯ  ᠤᠨ ᠡᠩᠨᠡᠭᠡ᠂ ᠰᠤᠷᠭᠠᠭᠤᠯᠢ ᠶᠢᠨ ᠰᠦᠯᠳᠡ᠂ ᠰᠤᠷᠭᠠᠭᠤᠯᠢ ᠶᠢᠨ ᠪᠣᠯᠪᠠᠰᠤᠷᠠᠯ ᠤᠨ ᠵᠢᠭᠰᠠᠭᠠᠯ  ᠤᠨ ᠡᠩᠨᠡᠭᠡ᠂ ᠬᠡᠩᠭᠡᠷᠭᠡ ᠪᠦᠷᠢᠶᠡᠨ ᠤ ᠵᠢᠭᠰᠠᠭᠠᠯ  ᠤᠨ ᠡᠩᠨᠡᠭᠡ᠂ ᠥᠩᠭᠡᠲᠦ ᠲᠤᠭ ᠤᠨ ᠵᠢᠭᠰᠠᠭᠠᠯ ᠤᠨ ᠡᠩᠨᠡᠭᠡ᠂ ᠪᠠᠭᠰᠢ ᠠᠵᠢᠯᠲᠠᠨ  ᠤ ᠵᠢᠭᠰᠠᠭᠠᠯ  ᠤᠨ ᠡᠩᠨᠡᠭᠡ ᠪᠣᠯᠣᠨ ᠡᠯ᠎ᠡ ᠠᠩᠭᠢ ᠶᠢᠨ ᠵᠢᠭᠰᠠᠭᠠᠯ ᠤᠨ ᠡᠩᠨᠡᠭᠡ ᠲᠠᠰ ᠳᠠᠷᠠᠭᠠᠯᠠᠨ ᠲᠠᠯᠠᠪᠠᠶ ᠳᠤ ᠣᠷᠣᠵᠤ᠂ ᠴᠤᠭ ᠵᠢᠪᠬᠤᠭ᠎ᠠ ᠪᠠᠳᠠᠷᠠᠩᠭᠤᠶ᠂ ᠣᠮᠤᠭ ᠲᠡᠭᠦᠯᠳᠡᠷ ᠠᠯᠬᠤᠭ᠎ᠠ ᠪᠠᠷ ᠵᠠᠯᠠᠭᠤ ᠨᠠᠰᠤᠨ ᠤ ᠳᠦᠷᠢ ᠳᠥᠷᠬᠦ ᠶᠢ ᠬᠠᠷᠠᠭᠤᠯᠪᠠ᠃      ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠬᠠᠩᠭᠢᠨᠠᠨ ᠲᠠᠪᠤᠨ ᠣᠳᠤᠲᠤ ᠤᠯᠤᠰ ᠤᠨ ᠲᠤᠭ ᠠᠯᠭᠤᠷᠬᠠᠨ ᠮᠠᠨᠳᠤᠬᠤ ᠳᠤ ᠠᠬᠤᠢ ᠲᠠᠯᠠᠪᠠᠢ ᠳᠤ ᠪᠠᠶᠢᠭ᠎ᠠ ᠪᠦᠬᠦ ᠬᠦᠮᠦᠰ ᠤᠯᠤᠰ ᠤᠨ ᠲᠤᠭ  ᠲᠤ ᠬᠠᠨᠳᠤᠨ ᠶᠣᠰᠤᠯᠠᠵᠠᠭᠠᠪᠠ᠃      ᠳᠥᠷᠪᠡᠳᠦᠭᠡᠷ ᠪᠠᠭ᠎ᠠ ᠰᠤᠷᠭᠠᠭᠤᠯᠢ ᠶᠢᠨ 22 ᠳ᠋ᠤᠭᠠᠷ ᠬᠤᠭᠤᠴᠠᠭᠠᠨ ᠤ ᠬᠦᠨᠳᠦ ᠬᠥᠩᠭᠡᠨ ᠪᠡᠶ᠎ᠡ ᠲᠠᠮᠢᠷ ᠤᠨ ᠴᠤᠭᠯᠠᠭᠠᠨ ᠤ ᠲᠠᠮᠢᠷᠴᠢᠨ ᠪᠠ ᠬᠢᠨᠠᠭᠴᠢ ᠶᠢᠨ ᠲᠥᠯᠥᠭᠡᠯᠡᠭᠴᠢ ᠲᠠᠰ ᠳᠠᠷᠠᠭᠠᠯᠠᠨ ᠲᠠᠶᠢᠰᠠᠨ ᠳᠤ ᠭᠠᠷᠴᠤ ᠲᠠᠩᠭᠠᠷᠢᠭᠯᠠᠨ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠪᠣᠯᠣᠨ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠨᠥᠬᠦᠷᠰᠡᠭ ᠤᠷᠤᠯᠳᠤᠭᠠᠨ᠂ ᠭᠡᠷ ᠤᠨ ᠠᠬᠠᠮᠠᠳ ᠤᠨ 4 × 100 ᠮᠧᠲᠷ ᠤᠨ ᠬᠦᠴᠦᠨ ᠳᠠᠮᠵᠢᠭᠤᠯᠬᠤ ᠤᠷᠤᠯᠳᠤᠭᠠᠨ᠂ ᠳᠡᠭᠡᠰᠦ ᠲᠠᠲᠠᠬᠤ ᠤᠷᠤᠯᠳᠤᠭᠠᠨ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠦᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠨᠢ ᠵᠠᠯᠭᠠᠭ᠎ᠠ ᠪᠠᠷ ᠶᠠᠪᠤᠭᠳᠠᠵᠤ ᠰᠤᠷᠭᠠᠭᠤᠯᠢ ᠶᠢᠨ ᠬᠦᠷᠢᠶᠡᠨ ᠤ ᠥᠷᠢᠰᠦᠯᠳᠦᠭᠡᠨᠲᠦ᠂ ᠪᠠᠶᠠᠷ ᠪᠠᠶᠠᠰᠤᠯᠲᠦ ᠠᠭᠤᠷ ᠠᠮᠢᠰᠬᠤᠯ ᠢ ᠪᠤᠢ ᠪᠤᠯᠭᠠᠵᠠᠢ᠃      6 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠠᠪᠤᠭᠤᠯᠵᠤ᠂ ᠵᠢᠭᠠᠨ ᠰᠤᠷᠭᠠᠯᠲᠠ ᠶᠢᠨ ᠲᠥᠷᠥᠯ ᠤᠨ ᠢᠷᠠᠭᠤ ᠠᠯᠳᠠᠷ᠂ ᠶᠣᠰᠣ ᠰᠤᠷᠲᠠᠬᠤᠨ ᠤ ᠬᠥᠮᠦᠵᠢᠯ ᠤᠨ ᠲᠥᠷᠥᠯ ᠤᠨ ᠢᠷᠠᠭᠤ ᠠᠯᠳᠠᠷ᠂ 2024 ᠣᠨ ᠳᠤ ᠪᠥᠬᠦ ᠠᠶᠢᠮᠠᠭ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠤ ᠱᠠᠩᠨᠠᠯ ᠭᠥᠷᠳᠡᠭᠰᠡᠳ᠂ ᠬᠤᠰᠢᠭᠤ ᠰᠤᠷᠭᠠᠨ ᠬᠥᠮᠦᠵᠢᠯ ᠤᠨ ᠰᠢᠰᠲ᠋ᠧᠮ ᠤᠨ ᠮᠡᠳᠡᠯᠭᠡ ᠶᠢᠨ ᠤᠷᠤᠯᠳᠤᠭᠠᠨ᠂ ᠶᠠᠷᠢᠶ᠎ᠠ ᠢᠯᠡᠳᠬᠡᠯ ᠤᠨ ᠤᠷᠤᠯᠳᠤᠭᠠᠨ ᠪᠠ        ︽ᠨᠤᠮ ᠤᠨ ᠬᠡᠰᠢᠭᠲᠦ ᠠᠩᠭᠢ︾ ᠶᠢ ᠡᠭᠦᠳᠦᠨ ᠪᠠᠶᠢᠭᠤᠯᠬᠤ ᠦᠵᠡᠭᠦᠯᠭᠡ ᠶᠢᠨ ᠰᠢᠯᠭᠠᠷᠠᠭᠤᠯᠤᠯᠲᠠ ᠳᠤ ᠰᠢᠯᠢᠳᠡᠭ ᠬᠢᠷᠢ ᠪᠦᠲᠦᠮᠵᠢ ᠣᠯᠤᠭᠰᠠᠨ ᠠᠩᠭᠢ ᠨᠢᠭᠡᠴᠢ ᠪᠠ ᠬᠤᠪᠢ ᠬᠦᠮᠦᠨ ᠵᠢᠴᠢ ᠪᠤᠰᠤᠳ ᠰᠢᠯᠭᠠᠷᠠᠭᠤᠯᠤᠯᠲᠠ ᠳᠤ ᠲᠡᠰ ᠲᠤ ᠣᠷᠤᠭᠰᠠᠨ ᠠᠩᠭᠢ ᠨᠢᠭᠡᠴᠡ ᠪᠠ ᠪᠠᠭᠰᠢ ᠵᠡᠷᠭᠡ ᠵᠠᠭᠤ ᠭᠠᠷᠤᠶ ᠬᠥᠮᠦᠨ ᠢ ᠬᠥᠬᠢᠭᠦᠯᠦᠨ ᠰᠠᠶᠢᠰᠢᠶᠠᠪᠠ᠃      ᠲᠣᠰ ᠤᠳᠠᠭᠠᠨ ᠤ ᠪᠡᠶ᠎ᠡ ᠲᠠᠮᠢᠷ ᠤᠨ ᠴᠤᠭᠯᠠᠭᠠᠨ ᠨᠢ ᠡᠯ᠎ᠡ ᠠᠩᠭᠢ ᠶᠢᠨ ᠨᠢᠭᠲᠠᠷᠠᠯ ᠤᠨ ᠬᠦᠴᠦᠨ ᠪᠠ ᠬᠠᠮᠲᠦᠷᠠᠭᠰᠠᠨ ᠬᠦᠴᠦᠨ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠪᠠᠶᠠᠯᠢᠭᠵᠢᠭᠤᠯᠬᠤ ᠳᠤ ᠪᠠᠲᠤ ᠪᠠᠬᠢ ᠰᠠᠭᠤᠷᠢ  ᠲᠠᠯᠪᠢᠵᠤ ᠥᠭᠭᠦᠭᠰᠡᠨ ᠪᠥᠭᠡᠳ ᠰᠤᠷᠤᠭᠴᠢᠳ ᠲᠤ ᠥᠪᠡᠷ ᠢ ᠪᠠᠨ ᠬᠠᠷᠠᠭᠤᠯᠬᠤ᠂ ᠥᠪᠡᠷ ᠢ ᠪᠠᠨ ᠲᠠᠪᠲᠠᠨ ᠪᠣᠯᠪᠠᠰᠤᠷᠠᠭᠤᠯᠬᠤ ᠲᠠᠪᠴᠠᠩ ᠬᠠᠩᠭᠠᠵᠤ᠂ ᠰᠤᠷᠤᠭᠴᠢᠳ ᠲᠤ ᠤᠷᠤᠯᠳᠤᠭᠠᠨ ᠳᠤᠮᠳᠠᠬᠢ ᠪᠠᠶᠠᠷ ᠪᠠᠶᠠᠰᠤᠯ ᠪᠠ ᠷᠢᠳᠢ ᠰᠢᠳᠢ ᠶᠢ ᠮᠡᠳᠡᠷᠡᠭᠦᠯᠵᠦ᠂ ᠰᠤᠷᠭᠠᠭᠤᠯᠢ ᠶᠢᠨ ᠬᠦᠷᠢᠶᠡᠨ ᠳᠤ ᠠᠮᠢᠵᠢᠷᠠᠯ ᠤᠨ ᠬᠦᠴᠦᠨ ᠪᠠ ᠥᠩᠭᠡ ᠬᠡᠷᠡᠯ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号