2024 ᠣᠨ ᠤ ᠪᠥᠬᠦ ᠬᠤᠰᠢᠭᠤᠨ ᠤ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
      6 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠤᠢ ᠶᠢᠩ ᠵᠢᠶᠠᠨ 2024 ᠣᠨ ᠤ ᠪᠥᠬᠦ ᠬᠤᠰᠢᠭᠤᠨ ᠤ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠡᠷᠢᠶᠡᠨ ᠪᠣᠭᠤᠮᠲᠠ ᠶᠢᠨ ᠨᠢᠭᠤᠴᠠ ᠪᠠᠷ  ᠠᠷᠠᠯᠵᠢᠶᠠᠯᠠᠭᠰᠠᠳ ᠢ ᠪᠠᠷᠢᠪᠴᠢᠯᠠᠬᠤ ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠵᠦ ᠵᠢᠶᠦ᠋ᠨ ᠪᠣᠯᠣᠨ ᠮᠠᠨ ᠤ ᠬᠤᠰᠢᠭᠤᠨ ᠤ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ 2023 ᠣᠨ ᠤ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ 2024 ᠣᠨ ᠤ ᠪᠥᠬᠦ ᠬᠤᠰᠢᠭᠤᠨ ᠤ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠬᠤ ᠳᠠᠭᠠᠨ᠂ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠣᠳᠠᠲᠤ ᠠᠵᠢᠯᠯᠠᠭ᠎ᠠ᠂ ᠬᠥᠭᠵᠢᠯᠲᠡ ᠶᠢ ᠠᠬᠢᠭᠤᠯᠬᠤ ᠪᠠ ᠠᠮᠤᠷ ᠲᠦᠪᠰᠢᠨ ᠢ ᠬᠠᠮᠠᠭᠠᠯᠠᠬᠤ ᠶᠢᠨ ᠪᠣᠳᠠᠲᠠᠢ ᠢᠯᠡᠷᠡᠯ ᠮᠥᠨ᠂ ᠲᠡᠷᠡ ᠨᠢ ᠤᠯᠤᠰ ᠣᠷᠣᠨ ᠪᠠ ᠠᠷᠠᠳ ᠲᠦᠮᠡᠨ ᠤ ᠪᠦᠬᠦᠯᠢ ᠴᠣᠭᠴᠠ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠢᠭᠤᠴᠠ ᠪᠠᠷ ᠠᠷᠠᠯᠵᠢᠶᠠᠯᠠᠬᠤ ᠳᠤ ᠴᠣᠬᠢᠯᠲᠠ ᠥᠭᠴᠦ ᠶᠡᠷᠦᠩᠬᠡᠶᠢᠯᠡᠨ ᠵᠠᠰᠠᠬᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠥᠷᠢᠰᠥᠯᠳᠦᠭᠡᠨ ᠢ ᠭᠦᠨᠵᠡᠭᠡᠢ ᠲᠠᠨᠢᠵᠤ᠂ ︽ᠲᠥᠪ ᠠᠴᠠ ᠠᠩᠬᠠᠷᠴᠤ ᠪᠠᠶᠢᠭ᠎ᠠ᠂ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ᠂ ᠤᠯᠠᠨ ᠲᠦᠮᠡᠨ ᠠᠩᠬᠠᠷᠴᠤ ᠪᠠᠶᠢᠭ᠎ᠠ︾  ᠨᠢᠭᠤᠴᠠ ᠪᠠᠷ ᠠᠷᠠᠯᠵᠢᠶᠠᠯᠠᠬᠤ ᠳᠤᠪᠤᠶᠢᠮ᠎ᠠ ᠠᠰᠠᠭᠤᠳᠠᠯ ᠤᠨ ᠲᠣᠭᠤᠷᠢᠨ ᠳᠤ᠂ ᠦᠷᠭᠦᠯᠵᠢᠯᠡᠨ ᠴᠢᠩᠭ᠎ᠠ ᠳᠠᠷᠤᠯᠲᠠ ᠥᠭᠴᠦ ᠴᠢᠩᠭ᠎ᠠ ᠴᠣᠬᠢᠯᠲᠠ ᠥᠭᠴᠦ᠂ ︽ᠤᠯᠤᠰ ᠤᠨ ᠡᠭᠦᠳᠡᠨ 2024︾ ᠬᠠᠮᠲᠤᠷᠠᠭᠰᠠᠨ ᠠᠵᠢᠯᠯᠠᠭ᠎ᠠ ᠶᠢ ᠬᠦᠴᠦᠲᠡᠢ ᠠᠬᠢᠭᠤᠯᠬᠤ ᠬᠡᠷᠡᠭᠲᠡᠢ᠃ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ᠂ ᠣᠯᠠᠨ ᠡᠰᠢᠵᠢᠬᠦᠯᠦᠨ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠨᠢᠭᠤᠴᠠ ᠪᠠᠷ ᠠᠷᠠᠯᠵᠢᠶᠠᠯᠠᠬᠤ ᠶᠢ ᠡᠰᠡᠷᠭᠦᠴᠡᠬᠦ ᠶᠡᠷᠦᠩᠬᠡᠶᠢᠯᠡᠭᠰᠡᠨ ᠵᠠᠰᠠᠯᠲᠠ ᠶᠢᠨ ᠬᠠᠮᠲᠤᠷᠠᠯ ᠬᠦᠴᠦᠨ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ᠃ ᠨᠢᠭᠤᠴᠠ ᠪᠠᠷ ᠠᠷᠠᠯᠵᠢᠶᠠᠯᠠᠬᠤ ᠶᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠶᠢ ᠡᠰᠡᠷᠭᠦᠴᠡᠬᠦ ᠶᠡᠷᠦᠩᠬᠡᠶᠢᠯᠡᠭᠰᠡᠨ ᠵᠠᠰᠠᠯᠲᠠ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠨᠢᠭᠤᠴᠠ ᠪᠠᠷ ᠠᠷᠠᠯᠵᠢᠶᠠᠯᠠᠬᠤ ᠠᠵᠢᠯᠯᠠᠭ᠎ᠠ ᠳᠤ ᠴᠣᠬᠢᠯᠲᠠ ᠥᠭᠴᠦ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号