ᠰᠢᠷᠭ᠎ᠠ ᠠᠳᠤᠭᠤᠨ ᠤ ᠭᠡᠷᠡᠯ ᠵᠢᠷᠤᠭ ᠤᠨ ᠦᠵᠡᠰᠬᠦᠯᠡᠩ ᠵᠢᠴᠢ ᠰᠢᠷᠭ᠎ᠠ ᠠᠳᠤᠭᠤᠨ ᠤ ᠭᠡᠷᠡᠯ ᠵᠢᠷᠤᠭ ᠤᠨ ᠰᠠᠭᠤᠷᠢᠨ ᠭᠠᠵᠠᠷ ᠲᠤ ᠫᠠᠶᠢᠰᠠ ᠣᠯᠭᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/7/4
      ᠦᠵᠦᠮᠦᠴᠢᠨ ᠨᠣᠲᠤᠭ ᠤᠨ ᠮᠠᠯᠴᠢᠳ ᠦᠨᠢᠷ ᠪᠠᠶᠠᠯᠢᠭ ᠠᠳᠤᠭᠤᠨ ᠰᠤᠶᠤᠯ ᠢ ᠡᠭᠦᠳᠦᠨ ᠪᠦᠲᠦᠭᠡᠭᠰᠡᠨ ᠦᠨᠢ ᠤᠳᠠᠭᠠᠨ ᠦᠶ᠎ᠡ ᠤᠯᠠᠷᠢᠭᠰᠠᠨ ᠲᠡᠦᠬᠡ ᠰᠤᠶᠤᠯ ᠲᠠᠢ ᠪᠢᠯᠡ᠃ ᠦᠵᠦᠮᠦᠴᠢᠨ ᠰᠢᠷᠭ᠎ᠠ ᠠᠳᠤᠭᠤ ᠨᠢ ᠮᠤᠩᠭᠤᠯ ᠠᠳᠤᠭᠤᠨ ᠳᠤᠲᠤᠷᠠᠬᠢ ᠨᠢᠭᠡᠨ ᠰᠢᠯᠢᠳᠡᠭ ᠡᠭᠦᠯᠳᠡᠷ ᠪᠦᠭᠡᠳ ᠪᠡᠯᠭᠡ ᠳᠡᠮᠪᠡᠷᠢᠯᠲᠦ ᠵᠢᠰᠤᠮ ᠢᠶᠠᠷ ᠢᠶᠠᠨ ᠤᠨᠴᠠᠯᠠᠭᠳᠠᠵᠤ ᠪᠠᠶᠢᠳᠠᠭ᠃      ᠵᠡᠭᠦᠨ ᠦᠵᠦᠮᠦᠴᠢᠨ ᠬᠤᠰᠢᠭᠤ ᠰᠢᠷᠭ᠎ᠠ ᠠᠳᠤᠭᠤ ᠪᠠᠨ ᠬᠠᠮᠠᠭᠠᠯᠠᠨ ᠦᠷᠡᠵᠢᠭᠦᠯᠬᠦ ᠶᠢ ᠴᠢᠬᠤᠯᠠᠴᠢᠯᠠᠵᠤ᠂ ᠤᠷᠤᠨ ᠨᠤᠲᠤᠭ ᠤᠨ ᠤᠨᠴᠠᠯᠢᠭᠲᠤ ᠰᠤᠶᠤᠯ ᠤᠨ ᠨᠡᠷᠡᠲᠦ ᠳᠡᠮᠲᠡᠭ ᠪᠣᠯᠭᠠᠨ ᠠᠳᠬᠤᠭᠰᠠᠨ ᠢᠶᠠᠷ 2018 ᠣᠨ ᠳᠤ ︽ᠳᠤᠮᠳᠠᠳᠤ ᠤᠯᠤᠰ ᠤᠨ ᠰᠢᠷᠭ᠎ᠠ ᠠᠳᠤᠭᠤᠨ ᠤ ᠨᠤᠲᠤᠭ︾ ᠭᠡᠬᠦ ᠢᠷᠠᠭᠤ ᠠᠯᠳᠠᠷ ᠢ ᠬᠦᠷᠳᠡᠵᠦ ᠬᠤᠰᠢᠭᠤ ᠨᠤᠲᠤᠭ ᠢᠶᠠᠨ ᠴᠢᠮᠡᠵᠦ ᠶᠠᠪᠤᠨ᠎ᠠ᠃        ᠰᠢᠷᠭ᠎ᠠ ᠠᠳᠤᠭᠤᠨ ᠤ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠭᠡᠷᠡᠯ ᠵᠢᠷᠤᠭ ᠢᠶᠠᠷ ᠰᠢᠷᠭ᠎ᠠ ᠠᠳᠤᠭᠤᠨ ᠤ ᠷᠢᠳᠢ ᠰᠢᠳᠢ ᠶᠢ ᠢᠯᠡᠷᠡᠭᠦᠯᠵᠦ᠂ ᠮᠠᠨ ᠤ ᠬᠤᠰᠢᠭᠤᠨ ᠤ ᠠᠳᠤᠭᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ 6 ᠰᠠᠷ᠎ᠠ ᠶᠢᠨ 4 ᠤ ᠡᠳᠦᠷ᠂ ᠵᠡᠭᠦᠨ ᠦᠵᠦᠮᠦᠴᠢᠨ ᠬᠤᠰᠢᠭᠤ ︿︿ᠦᠵᠡᠰᠬᠦᠯᠡᠩᠲᠦ ᠰᠠᠶᠢᠬᠠᠨ ᠤᠮᠠᠷᠠᠲᠤ ᠬᠢᠯᠢ᠂ ᠠᠯᠲᠠᠨ ᠰᠢᠷᠭ᠎ᠠ ᠶᠢᠨ ᠵᠢᠪᠬᠤᠭ᠎ᠠ﹀﹀ ᠰᠢᠷᠭ᠎ᠠ ᠠᠳᠤᠭᠤᠨ ᠤ ᠭᠡᠷᠡᠯ ᠵᠢᠷᠤᠭ ᠤᠨ ᠦᠵᠡᠰᠬᠦᠯᠡᠩ ᠵᠢᠴᠢ ᠰᠢᠷᠭ᠎ᠠ ᠠᠳᠤᠭᠤᠨ ᠤ ᠭᠡᠷᠡᠯ ᠵᠢᠷᠤᠭ ᠤᠨ ᠰᠠᠭᠤᠷᠢᠨ ᠭᠠᠵᠠᠷ ᠲᠤ ᠫᠠᠶᠢᠰᠠ ᠣᠯᠭᠤᠬᠤ ᠶᠣᠰᠣᠯᠠᠯ ᠬᠠᠲᠠᠪᠴᠢ ᠪᠠᠯᠭᠠᠰᠤᠨ ᠤ ᠬᠠᠭ᠋ᠠᠭᠤᠯᠠ ᠭᠠᠴᠠᠭᠠᠨ ᠤ ᠰᠢᠷᠭ᠎ᠠ ᠠᠳᠤᠭᠤᠨ ᠤ ᠲᠤᠰᠬᠠᠶ ᠡᠷᠦᠬᠡ ᠠᠯᠲᠠᠨᠪᠠᠭᠠᠲᠤᠷ ᠤᠨ ᠳᠤ ᠶᠠᠪᠤᠭᠳᠠᠪᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠶᠢᠨ ᠵᠥᠪᠯᠡᠯ᠂ ᠬᠠᠲᠠᠪᠴᠢ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠤᠯᠤᠨ ᠬᠤᠰᠢᠭᠤ ᠭᠡᠷᠡᠯ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠳ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠰᠢᠷᠭ᠎ᠠ ᠠᠳᠤᠭᠤᠨ ᠤ ᠭᠡᠷᠡᠯ ᠵᠢᠷᠤᠭ ᠤᠨ ᠰᠠᠭᠤᠷᠢᠨ ᠭᠠᠵᠠᠷ ᠲᠤ ᠫᠠᠶᠢᠰᠠ ᠣᠯᠭᠤᠨ᠂ ︿︿ᠦᠵᠡᠰᠬᠦᠯᠡᠩᠲᠦ ᠰᠠᠶᠢᠬᠠᠨ ᠤᠮᠠᠷᠠᠲᠤ ᠬᠢᠯᠢ᠂ ᠠᠯᠲᠠᠨ ᠰᠢᠷᠭ᠎ᠠ ᠶᠢᠨ       ᠵᠢᠪᠬᠤᠭ᠎ᠠ﹀﹀ ᠭᠡᠷᠡᠯ ᠵᠢᠷᠤᠭ ᠤᠨ ᠤᠷᠤᠯᠳᠤᠭᠠᠨ ᠤ ᠰᠢᠯᠢᠳᠡᠭ ᠪᠦᠲᠦᠭᠡᠯ ᠳᠤ ᠱᠠᠩᠨᠠᠯ ᠣᠯᠭᠤᠪᠠ᠃      ᠠᠵᠢᠯᠯᠠᠭ᠎ᠠ ᠳᠤ ᠣᠷᠣᠯᠴᠠᠭᠰᠠᠨ ᠭᠡᠷᠡᠯ ᠵᠢᠷᠤᠭᠴᠢᠳ ᠤᠮᠠᠷᠠᠲᠤ ᠶᠢᠨ ᠲᠠᠯ᠎ᠠ ᠨᠤᠲᠤᠭ ᠳᠡᠭᠡᠷ᠎ᠡ ᠴᠢᠯᠦᠭᠡᠲᠡᠢ ᠤᠮᠤᠭᠯᠠᠩ ᠳᠠᠪᠬᠢᠵᠦ ᠶᠠᠪᠤᠭ᠎ᠠ ᠰᠢᠷᠭ᠎ᠠ ᠠᠳᠤᠭᠤᠨ ᠤ ᠭᠠᠶᠢᠬᠠᠮᠰᠢᠭᠲᠤ  ᠦᠵᠡᠮᠵᠢ ᠶᠢ ᠭᠡᠷᠡᠯ ᠵᠢᠷᠤᠭ ᠢᠶᠠᠷ ᠲᠡᠮᠲᠡᠭᠯᠡᠵᠦ᠂ ᠳᠤᠷᠠᠨ ᠬᠠᠷᠠᠭ᠎ᠠ ᠪᠠᠷ ᠲᠠᠯ᠎ᠠ ᠨᠤᠲᠤᠭ ᠤᠨ ᠪᠠᠶᠢᠭᠠᠯᠢ ᠶᠢᠨ ᠭᠤᠸ᠎ᠠ ᠰᠠᠶᠢᠬᠠᠨ᠂ ᠬᠥᠭᠵᠢᠯᠲᠡ ᠶᠢᠨ ᠭᠤᠸ᠎ᠠ ᠰᠠᠶᠢᠬᠠᠨ᠂ ᠡᠶ᠎ᠡ ᠵᠤᠬᠢᠴᠠᠯ ᠤᠨ ᠭᠤᠸ᠎ᠠ ᠰᠠᠶᠢᠬᠠᠨ᠂ ᠵᠣᠯ ᠵᠢᠷᠭᠠᠯ ᠤᠨ ᠭᠤᠸ᠎ᠠ ᠰᠠᠶᠢᠬᠠᠨ ᠢ ᠬᠦᠦᠷᠨᠢᠵᠦ᠂ ᠰᠢᠨ᠎ᠡ ᠴᠠᠭ ᠦᠶ᠎ᠡ ᠶᠢᠨ ᠵᠡᠭᠦᠨ ᠦᠵᠦᠮᠦᠴᠢᠨ ᠬᠤᠰᠢᠭᠤᠨ ᠤ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠤᠯᠠᠮᠵᠢᠯᠠᠭᠰᠠᠨ ᠠᠮᠢᠳᠤᠯᠢᠭ ᠦᠢᠯᠡᠳᠦᠯᠭᠡ ᠶᠢ ᠳᠡᠯᠭᠡᠨ ᠦᠵᠡᠭᠦᠯᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号