ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠪᠣᠭᠤᠮᠲᠠ ᠶᠢᠨ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠠᠵᠢᠯᠯᠠᠭᠠᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠵᠡᠭᠦᠨ | ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠪᠠᠲᠤᠪᠠᠶᠠᠷ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ | ᠬᠠᠤᠯᠢ ᠬᠡᠷᠡᠭᠵᠢᠭᠦᠯᠬᠦ ᠠᠵᠢᠯᠲᠠᠨ ᠢ ᠳᠠᠭᠠᠭᠤᠯᠤᠨ ᠵᠡᠭᠦᠨ ᠬᠠᠲᠠᠪᠴᠢ ᠪᠣᠭᠤᠮᠲᠠ ᠶᠢᠨ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢ ᠬᠡᠷᠡᠭᠯᠡᠬᠦ ᠨᠢᠭᠡᠴᠡ ᠳᠤ ᠲᠤᠰᠬᠠᠶ ᠪᠠᠶᠢᠴᠠᠭᠠᠯᠲᠠ ᠬᠢᠪᠠ᠃ | ᠬᠠᠤᠯᠢ ᠬᠡᠷᠡᠭᠵᠢᠭᠦᠯᠬᠦ ᠠᠵᠢᠯᠲᠠᠨ ᠬᠢᠨᠠᠨ ᠬᠠᠮᠢᠶᠠᠷᠬᠤ ᠬᠥᠮᠥᠷᠭᠡ ᠶᠢᠨ ᠲᠠᠯᠠᠪᠠᠶ ᠳᠠᠬᠢ ᠮᠠᠰᠢᠨ ᠬᠦᠳᠡᠯᠭᠡᠭᠦᠷᠲᠦ | ᠲᠡᠷᠭᠡ᠂ ᠰᠢᠯᠵᠢᠮᠡᠯ ᠬᠦᠨᠳᠦ ᠶᠢ ᠡᠷᠭᠦᠬᠦ ᠮᠠᠰᠢᠨ᠂ ᠴᠠᠬᠢᠯᠭᠠᠨ ᠱᠠᠲᠤ ᠵᠡᠷᠭᠡ ᠳᠤ ᠠᠮᠤᠷ ᠲᠦᠪᠰᠢᠨ ᠤ ᠪᠠᠶᠢᠴᠠᠭᠠᠯᠲᠠ | ᠬᠢᠵᠦ᠂ ᠲᠥᠬᠦᠭᠡᠷᠦᠮᠵᠢ ᠶᠢᠨ ᠬᠡᠷᠡᠭᠯᠡᠯᠲᠡ ᠶᠢ ᠳᠠᠩᠰᠠᠯᠠᠬᠤ᠂ ᠣᠨ ᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ | ᠠᠵᠢᠯᠯᠠᠵᠤ ᠪᠠᠶᠢᠭ᠎ᠠ ᠬᠥᠮᠦᠰ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ᠂ ᠪᠠᠴᠢᠮ ᠪᠠᠶᠢᠳᠠᠯ ᠢ ᠠᠷᠭᠠᠴᠠᠬᠤ | ᠲᠤᠰᠬᠠᠶ ᠲᠥᠰᠦᠯ ᠤᠨ ᠲᠦᠷᠢᠮ᠂ ᠭᠤᠤᠯ ᠬᠠᠷᠢᠭᠤᠴᠠᠯᠭᠠᠲᠠᠨ ᠢ ᠳᠣᠭᠢᠷᠠᠭᠤᠯᠬᠤ᠂ ᠠᠮᠤᠷ ᠲᠦᠪᠰᠢᠨ ᠤ ᠶᠡᠷᠦᠩᠬᠡᠶ | ᠬᠢᠨᠠᠭᠴᠢ᠂ ᠠᠮᠤᠷ ᠲᠦᠪᠰᠢᠨ ᠤ ᠠᠵᠢᠯᠲᠠᠨ ᠢ ᠱᠠᠲᠤ ᠬᠤᠪᠢᠶᠠᠨ ᠬᠠᠷᠢᠭᠤᠴᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠲᠤᠭᠲᠠᠯᠴᠠᠭ᠎ᠠ᠂ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠪᠠᠶᠢᠴᠠᠭᠠᠯᠲᠠ᠂ | ᠰᠠᠷ᠎ᠠ ᠶᠢᠨ ᠲᠣᠬᠢᠷᠠᠭᠤᠯᠤᠯᠲᠠ︾ ᠶᠢᠨ ᠠᠵᠢᠯ ᠤᠨ ᠲᠣᠭᠲᠠᠴᠠ ᠵᠡᠷᠭᠡ ᠪᠠᠶᠢᠳᠠᠯ ᠢ ᠨᠠᠷᠢᠨ ᠪᠠᠶᠢᠴᠠᠭᠠᠪᠠ᠃ | ᠲᠣᠰ ᠤᠳᠠᠭ᠎ᠠ ᠨᠡᠶᠢᠲᠡ 8 ᠬᠡᠷᠡᠭᠯᠡᠬᠦ ᠨᠢᠭᠡᠴᠡ᠂ 24 ᠰᠠᠭᠤᠷᠢ ᠲᠣᠨᠤᠭ ᠲᠥᠬᠦᠭᠡᠷᠦᠮᠵᠢ ᠶᠢ ᠪᠠᠶᠢᠴᠠᠭᠠᠵᠤ᠂ | ᠬᠠᠤᠯᠢ ᠬᠡᠷᠡᠭᠵᠢᠭᠦᠯᠬᠦ ᠠᠵᠢᠯᠲᠠᠨ ᠢ 24 ᠬᠥᠮᠦᠨ ᠤᠳᠠᠭ᠎ᠠ ᠬᠥᠳᠡᠯᠭᠡᠵᠦ᠂ 12 ᠵᠦᠢᠯ ᠤᠨ ᠡᠩ ᠤᠨ ᠳᠠᠯᠳᠠ | ᠬᠡᠮ ᠢ ᠢᠯᠡᠷᠡᠭᠦᠯᠬᠦ ᠶᠢᠨ ᠬᠠᠮᠲᠤ ᠬᠠᠷᠢᠭᠤᠴᠠᠯᠭᠠᠲᠤ ᠨᠢᠭᠡᠴᠡ ᠶᠢ ᠱᠠᠭᠠᠷᠳᠠᠵᠤ ᠲᠣᠭᠲᠠᠭᠰᠠᠨ ᠬᠤᠭᠤᠴᠠᠭᠠᠨ ᠳᠤ | ᠴᠡᠭᠴᠡᠯᠡᠨ ᠰᠠᠶᠢᠵᠢᠷᠠᠭᠤᠯᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠵᠠᠰᠠᠬᠤ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ | ᠪᠠᠲᠤᠯᠠᠨ᠎ᠠ᠃ |