ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠳᠡᠭᠡᠭᠡᠪᠦᠷᠢ ᠶᠢᠨ ᠬᠡᠮᠵᠢᠶ᠎ᠡ100 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/7/5
      ᠡᠨᠡ ᠵᠢᠯ ᠠᠴᠠ ᠨᠠᠰᠢ᠂ ᠵᠡᠭᠦᠨ ᠬᠠᠲᠠᠪᠴᠢ ᠪᠣᠭᠤᠮᠲᠠ ︽ᠲᠠᠪᠤᠨ ᠶᠡᠭᠡ ᠡᠭᠦᠷᠭᠡ︾ ᠪᠠᠷ ᠶᠡᠷᠦᠩᠬᠡᠶᠢᠯᠡᠨ ᠵᠠᠬᠢᠷᠠᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠤᠨ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠶᠡᠭᠡ ᠪᠠᠶᠢᠷᠢᠯᠠᠭᠤᠯᠤᠯᠲᠠ ᠶᠢ ᠭᠦᠨᠵᠡᠭᠡᠶ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠣᠷᠴᠢᠨ ᠨᠥᠬᠦᠴᠡᠯ ᠢ  ᠰᠢᠯᠢᠳᠡᠭᠵᠢᠭᠦᠯᠦᠨ᠂ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠪᠣᠭᠤᠮᠲᠠ ᠥᠩᠭᠡᠷᠡᠬᠦ ᠶᠠᠪᠤᠴᠠ ᠳᠠᠬᠢ ᠬᠦᠴᠢᠷ ᠠᠰᠠᠭᠤᠳᠠᠯ ᠪᠠ ᠲᠦᠭᠵᠢᠷᠡᠯ ᠤᠨ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠣᠭᠤᠮᠲᠠ ᠪᠠᠷ ᠥᠩᠭᠡᠷᠡᠬᠦ ᠴᠤᠪᠤᠷᠠᠯ ᠤᠨ ᠰᠠᠭᠠᠳ ᠥᠬᠡᠶ ᠪᠠᠶᠢᠬᠤ ᠶᠢ ᠪᠠᠲᠤᠯᠠᠨ᠂ 3 ᠰᠠᠷ᠎ᠠ  ᠶᠢᠨ 13 ᠤ ᠡᠳᠦᠷ ᠳᠥᠷᠪᠡ ᠶᠢ ᠣᠷᠣᠭᠤᠯᠵᠤ ᠬᠤᠶᠠᠷ ᠢ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ  ᠢ ᠠᠰᠢᠭᠯᠠᠨ ᠠᠶᠠᠨᠴᠢᠳ ᠪᠠ ᠪᠠᠷᠠᠭ᠎ᠠ ᠶᠢ ᠲᠤᠰ ᠲᠤᠰ ᠲᠤᠨᠢ ᠶᠠᠪᠤᠭᠤᠯᠵᠤ ᠲᠠᠰ ᠳᠡᠪᠰᠢᠭᠦᠯᠬᠦ ᠪᠠ ᠪᠥᠬᠦ ᠲᠠᠯ᠎ᠠ ᠪᠠᠷ ᠣᠶᠤᠨᠴᠢ ᠪᠠᠷ ᠪᠣᠭᠤᠮᠲᠠ ᠥᠩᠭᠡᠷᠡᠭᠦᠯᠬᠦ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠴᠢᠳᠠᠮᠵᠢ ᠪᠠ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢᠨ ᠳᠠᠬᠢᠨ ᠢᠶᠠᠷ ᠨᠡᠮᠡᠭᠳᠡᠬᠦ ᠶᠢ ᠲᠦᠯᠬᠢᠨ ᠠᠬᠢᠭᠤᠯᠵᠠᠢ᠃ ᠡᠭᠦᠨ ᠤ ᠬᠠᠮᠲᠤ᠂ ᠪᠣᠭᠤᠮᠲᠠ ᠶᠢᠨ ᠣᠯᠠᠨ ᠤᠯᠤᠰ ᠤᠨ ᠪᠠᠷᠠᠭᠠᠨ ᠤ ᠭᠦᠶᠯᠭᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠨᠡᠶᠢᠭᠡᠮ ᠤᠨ ᠪᠠᠯᠠ ᠣᠷᠣᠭᠤᠯᠤᠯᠲᠠ ᠶᠢ 22 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠵᠢᠢ ᠳ᠋ᠢᠶᠠᠨ ᠤᠯᠤᠰ ᠤᠨ ᠬᠠᠳᠠᠭᠠᠯᠠᠯᠲᠠ ᠶᠢᠨ ᠵᠠᠭᠤᠨ ᠲᠦᠮᠡᠨ ᠲᠣᠨ ᠤ ᠨᠡᠭᠦᠷᠡᠰᠦ ᠬᠠᠳᠠᠭᠠᠯᠠᠬᠤ ᠰᠠᠭᠤᠷᠢᠨ ᠭᠠᠵᠠᠷ᠂ ᠯᠢᠩ ᡁᠢ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠣᠶᠤᠨᠴᠢ ᠪᠠᠷᠠᠭᠠᠨ ᠤ ᠭᠦᠶᠯᠭᠡᠭᠡ᠂ ᠨᠠᠨ ᠳ᠋ᠢᠩ ᠤᠨ ᠨᠡᠭᠦᠷᠡᠰᠦ ᠬᠠᠳᠠᠭᠠᠯᠠᠵᠤ ᠲᠡᠭᠡᠭᠡᠪᠦᠷᠢᠯᠡᠬᠦ ᠵᠡᠷᠭᠡ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶᠯᠭᠡᠭᠡᠨ ᠤ 9 ᠲᠥᠷᠥᠯ ᠵᠦᠶᠯ ᠢ ᠬᠡᠷᠡᠭᠵᠢᠭᠦᠯᠵᠦ᠂ ᠡᠭᠦᠨ ᠳᠤ 6 ᠶᠢ ᠨᠢ ᠨᠢᠭᠡᠨᠲᠡ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠪᠢᠲᠡᠭᠦᠮᠵᠢᠯᠡᠭᠰᠡᠨ ᠬᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠲᠠᠯᠠᠪᠠᠶ ᠨᠢ 30 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠴᠢᠩᠭᠡᠯᠢᠭ ᠲᠤ ᠣᠪᠣᠭᠠᠯᠠᠬᠤ ᠲᠠᠯᠠᠪᠠᠶ ᠨᠢ 10 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠥᠮᠥᠷᠭᠡᠯᠡᠨ ᠬᠠᠳᠠᠭᠠᠯᠠᠬᠤ ᠳᠤᠮᠳᠠ ᠠᠴᠠ ᠨᠢ ᠰᠢᠯᠵᠢᠭᠦᠯᠬᠦ ᠴᠢᠳᠠᠪᠤᠷᠢ ᠨᠢ ᠬᠦᠴᠦᠲᠡᠶ ᠪᠠᠲᠤᠯᠠᠭ᠎ᠠ ᠲᠠᠢ ᠪᠣᠯᠪᠠ  ᠃      6 ᠰᠠᠷ᠎ᠠ ᠶᠢᠨ 6 ᠤ ᠡᠳᠦᠷ ᠪᠣᠯᠲᠠᠯ᠎ᠠ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ100 ᠲᠦᠮᠡᠨ ᠲᠣᠨ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 98.75 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ      31.04 % ᠪᠠᠷ ᠨᠡᠮᠡᠭᠳᠡᠨ᠂ ᠡᠭᠦᠨ ᠳᠤ ᠨᠡᠭᠦᠷᠡᠰᠦ 95.22 ᠲᠦᠮᠡᠨ ᠲᠣᠨ ᠳᠤ ᠬᠦᠷᠴᠦ᠂ ᠦᠯᠡᠳᠡᠭᠰᠡᠨ ᠨᠢ ᠲᠡᠮᠦᠷ ᠤᠨ ᠨᠠᠷᠢᠯᠢᠭ ᠨᠤᠨᠲᠠᠭ᠂ ᠴᠠᠶᠢᠷ ᠤᠨ ᠨᠠᠷᠢᠯᠢᠭ ᠨᠤᠨᠲᠠᠭ᠂ ᠬᠠᠶᠢᠯᠤᠭᠤᠷ ᠵᠣᠩᠰᠢ᠂ ᠲᠡᠮᠦᠷ ᠤᠨ ᠬᠦᠳᠡᠷ᠂ ᠴᠠᠶᠢᠷ ᠤᠨ ᠨᠠᠷᠢᠯᠢᠭ ᠬᠦᠳᠡᠷ 3.53 ᠲᠦᠮᠡᠨ ᠲᠣᠨ ᠳᠤ ᠬᠦᠷᠴᠡᠶ᠃ ᠭᠠᠳᠠᠭᠠᠳᠤ ᠳᠤ ᠭᠠᠷᠭᠠᠭᠰᠠᠨ ᠪᠠᠷᠠᠭ᠎ᠠ1.26 ᠲᠦᠮᠡᠨ ᠲᠣᠨ ᠳᠤ ᠬᠦᠷᠴᠦ᠂ ᠭᠤᠤᠯᠳᠠᠭᠤ ᠮᠠᠰᠢᠨ ᠲᠥᠬᠦᠭᠡᠷᠦᠮᠵᠢ ᠪᠠᠶᠢᠵᠤ᠂ ᠠᠳᠠᠯᠢ ᠬᠤᠭᠤᠴᠠᠭᠠᠨ ᠤ ᠬᠢ  ᠠᠴᠠ15.23 % ᠪᠠᠷ ᠨᠡᠮᠡᠭᠳᠡᠪᠡ᠃ ᠣᠷᠣᠭᠤᠯᠵᠤ ᠭᠠᠷᠭᠠᠬᠤ ᠪᠠᠷᠠᠭ᠎ᠠ ᠶᠢᠨ ᠥᠷᠲᠡᠭ 0.6 ᠳ᠋ᠦᠩᠰᠢᠭᠤᠷ ᠳ᠋ᠣᠯᠯᠠᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 5.92 % ᠨᠡᠮᠡᠭᠳᠡᠵᠡᠢ᠃ ᠬᠢᠯᠢ ᠪᠠᠷ ᠣᠷᠣᠵᠤ ᠭᠠᠷᠤᠭᠰᠠᠨ ᠬᠥᠮᠦᠰ 34905 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.25 % ᠪᠠᠷ ᠨᠡᠮᠡᠭᠳᠡᠪᠡ᠃ ᠲᠠᠷᠠᠭᠠᠴᠢ ᠶᠢᠨ ᠠᠯᠬᠤᠮ ᠳᠤ᠂ ᠵᠡᠭᠦᠨ ᠬᠠᠲᠠᠪᠴᠢ ᠬᠢᠯᠢ ᠶᠢᠨ ᠪᠣᠭᠤᠮᠲᠠ ᠨᠢ ᠰᠠᠭᠤᠷᠢ ᠲᠥᠬᠦᠭᠡᠷᠦᠮᠵᠢ  ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠳᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠪᠠᠷᠠᠭᠠᠨ ᠤ ᠭᠦᠶᠯᠭᠡᠭᠡᠨ ᠤ ᠦᠶᠯᠡᠴᠢᠯᠡᠭᠡ ᠬᠠᠩᠭᠠᠵᠤ᠂ ᠬᠢᠯᠢ ᠶᠢᠨ ᠪᠣᠭᠤᠮᠲᠠ  ᠪᠠᠷ ᠥᠩᠭᠡᠷᠡᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号