ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠵᠢᠴᠢ ᠰᠣᠶᠣᠯ ᠵᠢᠭᠤᠯᠴᠢᠯᠠᠯ  ᠤᠨ ᠲᠤᠰᠬᠠᠶ ᠰᠡᠳᠦᠪᠲᠦ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
      6 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠵᠢᠴᠢ ᠰᠣᠶᠣᠯ ᠵᠢᠭᠤᠯᠴᠢᠯᠠᠯ ᠤᠨ ᠲᠤᠰᠬᠠᠶ ᠰᠡᠳᠦᠪᠲᠦ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠪᠠ ᠰᠣᠶᠣᠯ ᠵᠢᠭᠤᠯᠴᠢᠯᠠᠯ ᠤᠨ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ  ᠰᠤᠨᠤᠰᠴᠤ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠵᠧᠦ ᠢᠦᠢ ᠯᠦᠩ ᠵᠢᠭᠠᠬᠤ ᠳᠠᠭᠠᠨ᠂ ᠡᠨᠡ ᠵᠢᠯ ᠪᠣᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠣᠳᠣᠯ ᠢᠶᠠᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠥᠨᠳᠥᠷ ᠪᠦᠲᠦᠮᠵᠢᠲᠡᠶ ᠠᠬᠢᠭᠤᠯᠬᠤ ᠬᠡᠷᠡᠭᠲᠡᠶ ᠭᠡᠵᠡᠢ  ᠃      ᠵᠧᠦ ᠢᠦᠢ ᠯᠦᠩ ᠴᠢᠬᠤᠯᠠᠴᠢᠯᠠᠬᠤ ᠳᠠᠭᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠠᠯ᠎ᠠ  ᠪᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨᠵᠢᠯᠡᠬᠦ ᠤᠬᠠᠭᠠᠨᠴᠢ ᠤᠢᠢᠯᠠᠭᠠᠭᠳᠠᠬᠤᠨ ᠢ ᠪᠤᠢ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠡᠭᠦᠷᠭᠡ ᠪᠠᠨ ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ᠂ ᠨᠢᠭᠲᠠ ᠬᠠᠮᠵᠢᠯᠴᠠᠵᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠦᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠢ ᠵᠢᠭᠤᠯᠴᠢᠯᠠᠯ ᠤᠨ ᠠᠵᠤ ᠦᠶᠯᠡᠰ ᠤᠨ ᠳᠤᠲᠠᠭᠳᠠᠵᠤ ᠪᠣᠯᠤᠰᠢ ᠥᠬᠡᠶ ᠴᠢᠨᠠᠷ ᠰᠠᠶᠢᠲᠠᠶ ᠡᠬᠢ ᠪᠠᠶᠠᠯᠢᠭ ᠤᠨ ᠨᠢᠭᠡ ᠪᠣᠯᠭᠠᠵᠤ᠂ ᠪᠥᠬᠦ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ᠃ ᠰᠣᠶᠣᠯ ᠤᠨ ᠬᠥᠭᠵᠢᠯᠲᠡ ᠶᠢᠨ ᠲᠠᠯ᠎ᠠ ᠪᠠᠷ᠂ ᠡᠬᠢ ᠪᠠᠶᠠᠯᠢᠭ ᠤᠨ ᠲᠣᠭᠤᠷᠢᠨ ᠳᠤ ᠤᠬᠠᠭᠠᠯᠠᠨ ᠰᠡᠳᠦᠬᠦ ᠶᠢ ᠠᠳᠬᠤᠵᠤ᠂ ᠨᠠᠷᠢᠨ ᠬᠢᠨᠠᠮᠠᠭᠠᠶ ᠠᠭᠤᠳᠠᠯᠵᠤ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠣᠨᠴᠠᠯᠢᠭ ᠪᠥᠬᠦᠶ ᠬᠢᠯᠠᠰ ᠴᠡᠭ ᠢ ᠰᠠᠶᠢᠲᠤᠷ ᠲᠥᠯᠥᠪᠵᠢᠭᠦᠯᠵᠦ᠂ ᠬᠡᠷᠡᠭᠯᠡᠭᠡᠨ ᠤ ᠬᠠᠯᠠᠮᠰᠢᠯ ᠴᠡᠭ ᠢ ᠢᠳᠡᠪᠬᠢᠲᠡᠶ ᠥᠷᠭᠡᠳᠬᠡᠵᠦ᠂ ᠠᠷᠠᠳ ᠤᠨ ᠰᠠᠭᠤᠴᠠ ᠶᠢᠨ ᠠᠵᠤ ᠠᠬᠤᠶ ᠶᠢᠨ ᠰᠢᠨ᠎ᠡ ᠬᠡᠪ ᠰᠤᠷᠲᠠᠯ ᠢ ᠵᠠᠪᠳᠤᠨ ᠠᠳᠬᠤᠵᠤ᠂ ᠣᠨᠴᠠᠯᠢᠭᠲᠤ᠂ ᠰᠣᠳᠣᠨ᠂ ᠣᠯᠠᠨ ᠡᠰᠢᠵᠢᠭᠰᠡᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠣᠶᠣᠯ ᠤᠨ ᠡᠬᠢ ᠪᠠᠶᠠᠯᠢᠭ ᠢ ᠵᠢᠭᠤᠯᠴᠢᠯᠠᠯ ᠤᠨ ᠲᠠᠸᠠᠷ ᠪᠣᠯᠭᠠᠨ ᠬᠤᠪᠢᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠠᠷᠭ᠎ᠠ ᠬᠡᠯᠪᠡᠷᠢ ᠪᠠᠷ ᠠᠵᠤ ᠠᠬᠤᠶ ᠶᠢ ᠬᠥᠭᠵᠢᠭᠡᠬᠦ ᠬᠡᠷᠡᠭᠲᠡᠶ᠃ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ ᠭᠦᠶᠴᠡᠳ ᠰᠠᠶᠢᠲᠤᠷ ᠠᠰᠢᠭᠯᠠᠨ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠵᠢᠭᠦᠯᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠪᠥᠲᠥᠭᠡᠨ ᠪᠠᠶᠢᠭᠤᠯᠵᠤ᠂ ᠥᠪᠡᠷᠮᠢᠴᠡ ᠣᠨᠴᠠᠯᠢᠭ ᠪᠥᠬᠦᠶ ᠨᠠᠷᠠᠲᠤ ᠲᠡᠮᠳᠡᠭ ᠢ ᠴᠣᠭᠴᠠᠯᠠᠨ᠂ ᠵᠢᠭᠤᠯᠴᠢᠯᠠᠯ ᠤᠨ ᠠᠭᠤᠷ ᠠᠮᠢᠰᠬᠤᠯ ᠢ ᠪᠣᠶ ᠪᠣᠯᠭᠠᠵᠤ᠂ ᠦᠶᠯᠡᠳᠬᠦᠨ ᠢ ᠰᠤᠳᠤᠯᠤᠨ ᠨᠡᠭᠡᠭᠡᠬᠦ ᠶᠢ ᠴᠢᠩᠭᠠᠳᠬᠠᠨ᠂ ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠵᠦ᠂ ᠵᠡᠭᠦᠨ ᠦᠵᠦᠮᠦᠴᠢᠨ ᠬᠤᠰᠢᠭᠤᠨ ᠤ ᠰᠣᠶᠣᠯ ᠵᠢᠭᠤᠯᠴᠢᠯᠠᠯ ᠤᠨ ᠨᠠᠩ ᠥᠨᠳᠥᠷ ᠲᠦᠪᠰᠢᠨ ᠳᠠᠰᠢ ᠠᠭᠤᠰᠤᠯᠴᠠᠬᠤ  ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠭᠡᠵᠡᠶ᠃      ᠡᠯ᠎ᠡ ᠰᠤᠮᠤ ᠪᠠᠯᠭᠠᠰᠤ ︵ᠲᠠᠯᠠᠪᠠᠢ︶᠂ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠡᠳ᠋ ᠤᠨ ᠵᠠᠰᠠᠭ  ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠭᠡᠷ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号