ᠵᠡᠭᠦᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠭᠦᠨ ᠬᠠᠲᠠᠪᠴᠢ ᠪᠣᠭᠤᠮᠲᠠ ᠶᠢᠨ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/7/5
      ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠪᠣᠭᠤᠮᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠠᠵᠢᠯᠯᠠᠭᠠᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠠᠲᠤᠪᠠᠶᠠᠷ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠳᠠᠭᠠᠭᠤᠯᠤᠨ ᠵᠡᠭᠦᠨ ᠬᠠᠲᠠᠪᠴᠢ ᠪᠣᠭᠤᠮᠲᠠ ᠶᠢᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠳᠤ ᠲᠤᠰᠬᠠᠶ ᠪᠠᠶᠢᠴᠠᠭᠠᠯᠲᠠ ᠬᠢᠪᠠ᠃      ᠬᠠᠤᠯᠢ ᠬᠡᠷᠡᠭᠵᠢᠭᠦᠯᠬᠦ ᠠᠵᠢᠯᠲᠠᠨ ᠬᠢᠨᠠᠨ ᠬᠠᠮᠢᠶᠠᠷᠬᠤ ᠬᠥᠮᠥᠷᠭᠡ ᠶᠢᠨ ᠲᠠᠯᠠᠪᠠᠶ ᠳᠠᠬᠢ ᠮᠠᠰᠢᠨ ᠬᠦᠳᠡᠯᠭᠡᠭᠦᠷᠲᠦ ᠲᠡᠷᠭᠡ᠂ ᠰᠢᠯᠵᠢᠮᠡᠯ ᠬᠦᠨᠳᠦ ᠶᠢ ᠡᠷᠭᠦᠬᠦ ᠮᠠᠰᠢᠨ᠂ ᠴᠠᠬᠢᠯᠭᠠᠨ ᠱᠠᠲᠤ ᠵᠡᠷᠭᠡ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠲᠥᠬᠦᠭᠡᠷᠦᠮᠵᠢ ᠶᠢᠨ ᠬᠡᠷᠡᠭᠯᠡᠯᠲᠡ ᠶᠢ ᠳᠠᠩᠰᠠᠯᠠᠬᠤ᠂ ᠣᠨ ᠤ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ ᠠᠵᠢᠯᠯᠠᠵᠤ ᠪᠠᠶᠢᠭ᠎ᠠ ᠬᠥᠮᠦᠰ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ᠂ ᠪᠠᠴᠢᠮ ᠪᠠᠶᠢᠳᠠᠯ ᠢ ᠠᠷᠭᠠᠴᠠᠬᠤ ᠲᠤᠰᠬᠠᠶ ᠲᠥᠰᠦᠯ ᠤᠨ ᠲᠦᠷᠢᠮ᠂ ᠭᠤᠤᠯ ᠬᠠᠷᠢᠭᠤᠴᠠᠯᠭᠠᠲᠠᠨ ᠢ ᠳᠣᠭᠢᠷᠠᠭᠤᠯᠬᠤ᠂ ᠠᠮᠤᠷ ᠲᠦᠪᠰᠢᠨ ᠤ ᠶᠡᠷᠦᠩᠬᠡᠶ ᠬᠢᠨᠠᠭᠴᠢ᠂ ᠠᠮᠤᠷ ᠲᠦᠪᠰᠢᠨ ᠤ ᠠᠵᠢᠯᠲᠠᠨ ᠢ ᠱᠠᠲᠤ ᠬᠤᠪᠢᠶᠠᠨ ᠬᠠᠷᠢᠭᠤᠴᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠤᠭᠲᠠᠯᠴᠠᠭ᠎ᠠ᠂ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾ ᠶᠢᠨ ᠠᠵᠢᠯ ᠤᠨ ᠲᠣᠭᠲᠠᠴᠠ ᠵᠡᠷᠭᠡ ᠪᠠᠶᠢᠳᠠᠯ ᠢ ᠨᠠᠷᠢᠨ ᠪᠠᠶᠢᠴᠠᠭᠠᠪᠠ᠃      ᠲᠣᠰ ᠤᠳᠠᠭ᠎ᠠ ᠨᠡᠶᠢᠲᠡ 8 ᠬᠡᠷᠡᠭᠯᠡᠬᠦ ᠨᠢᠭᠡᠴᠡ᠂ 24 ᠰᠠᠭᠤᠷᠢ ᠲᠣᠨᠤᠭ ᠲᠥᠬᠦᠭᠡᠷᠦᠮᠵᠢ ᠶᠢ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠢ 24 ᠬᠥᠮᠦᠨ ᠤᠳᠠᠭ᠎ᠠ ᠬᠥᠳᠡᠯᠭᠡᠵᠦ᠂ 12 ᠵᠦᠢᠯ ᠤᠨ ᠡᠩ ᠤᠨ ᠳᠠᠯᠳᠠ ᠬᠡᠮ ᠢ ᠢᠯᠡᠷᠡᠭᠦᠯᠬᠦ ᠶᠢᠨ ᠬᠠᠮᠲᠤ ᠬᠠᠷᠢᠭᠤᠴᠠᠯᠭᠠᠲᠤ ᠨᠢᠭᠡᠴᠡ ᠶᠢ ᠱᠠᠭᠠᠷᠳᠠᠵᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号