ᠮᠠᠨ ᠤ ᠬᠤᠰᠢᠭᠤ ᠢᠲᠡᠭᠡᠮᠵᠢ ᠪᠠᠶᠢᠭᠤᠯᠤᠯᠲᠠ ᠶᠢᠨ ᠢᠨᠵᠧᠨᠧᠷᠢᠩ  ᠤᠨ  ᠠᠵᠢᠯ ᠤᠨ ᠲᠣᠬᠢᠷᠠᠭᠤᠯᠤᠯᠲᠠ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/8
      6 ᠰᠠᠷ᠎ᠠ ᠶᠢᠨ 5 ᠤ ᠡᠳᠦᠷ᠂ ᠮᠠᠨ ᠤ ᠬᠤᠰᠢᠭᠤ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠪᠥᠬᠦ ᠬᠤᠰᠢᠭᠤᠨ ᠤ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠡᠷᠭᠢᠯᠡᠵᠦ᠂ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠤᠤ ᠮᠢᠩ ᠬᠤᠷᠠᠯ ᠳᠤ ᠣᠷᠣᠯᠴᠠᠪᠠ᠃      ᠬᠤᠷᠠᠯ ᠠᠴᠠ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠤᠰᠬᠠᠶ ᠠᠩᠭᠢ ᠪᠠ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠲᠤᠰᠬᠠᠶ ᠳᠤᠭᠤᠶᠢᠯᠠᠩ ᠤᠨ ᠠᠵᠢᠯ ᠤᠨ ᠠᠬᠢᠴᠠ  ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠱᠠᠲᠤᠨ ᠤ ᠮᠠᠨ ᠤ ᠬᠤᠰᠢᠭᠤᠨ ᠤ ᠢᠲᠡᠭᠡᠮᠵᠢ ᠶᠢᠨ ᠪᠠᠶᠢᠭᠤᠯᠤᠯᠲᠠ  ᠶᠢᠨ ᠢᠨᠵᠧᠨᠧᠷᠢᠩ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ  ᠃      ᠬᠤᠷᠠᠯ ᠠᠴᠠ ᠴᠢᠬᠤᠯᠠᠴᠢᠯᠠᠭᠰᠠᠨ ᠨᠢ᠄ ᠨᠢᠭᠡ ᠳᠤ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠤᠰᠬᠠᠶ ᠳᠤᠭᠤᠶᠢᠯᠠᠩ ᠤᠨ ᠬᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠠᠷᠠᠯᠲᠠ ᠡᠭᠦᠷᠭᠡ ᠪᠣᠯᠤᠨ ᠴᠠᠭ ᠢ ᠲᠣᠳᠣᠷᠬᠠᠶᠢᠯᠠᠨ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠵᠣᠯᠭᠠᠯᠴᠠᠭ᠎ᠠ ᠶᠢ ᠰᠠᠶᠢᠲᠤᠷ ᠬᠢᠬᠦ ᠶᠢᠨ ᠬᠠᠮᠲᠤ᠂ ᠲᠤᠰᠬᠠᠶ ᠳᠤᠭᠤᠶᠢᠯᠠᠩ ᠤᠨ ᠠᠵᠢᠯ ᠳᠤ ᠪᠥᠬᠦ ᠬᠦᠴᠦᠨ ᠢᠶᠠᠷ  ᠢᠶᠠᠨ ᠬᠠᠮᠵᠢᠯᠴᠠᠵᠤ᠂ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠠᠮᠲᠤ ᠶᠢᠨ ᠬᠦᠴᠦᠨ ᠢ ᠪᠦᠷᠢᠯᠳᠦᠭᠦᠯᠦᠨ᠂ ᠠᠵᠢᠯ ᠢᠶᠠᠨ ᠭᠦᠨᠵᠡᠭᠡᠶ ᠥᠷᠨᠢᠭᠦᠯᠬᠦ ᠶᠢ ᠴᠢᠨᠠᠷ ᠰᠠᠶᠢᠲᠠᠶ ᠠᠬᠢᠭᠤᠯᠬᠤ ᠬᠡᠷᠡᠭᠲᠡᠶ᠃ ᠬᠤᠶᠠᠷ ᠲᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠬᠤ ᠯᠤᠭ᠎ᠠ ᠨᠢᠭᠲᠠ ᠤᠶᠠᠯᠳᠤᠭᠤᠯᠵᠤ᠂ ᠬᠦᠴᠦᠯᠡᠬᠦ‍ ᠴᠢᠭ  ᠢᠶᠠᠨ ᠣᠨᠣᠪᠴᠢᠲᠠᠶ ᠣᠯᠵᠤ᠂ ᠡᠭᠦᠷᠭᠡ ᠨᠢᠭᠡᠪᠦᠷᠢ ᠶᠢ ᠣᠨᠴᠠᠯᠢᠭ ᠠᠴᠠ ᠨᠢ ᠠᠳᠬᠤᠨ᠂ ᠦᠷ᠎ᠡ ᠪᠦᠲᠦᠮᠵᠢ       ᠭᠠᠷᠭᠠᠵᠤ᠂ ᠣᠯᠠᠨ ᠲᠦᠮᠡᠨ ᠳᠤ ᠢᠲᠡᠭᠡᠮᠵᠢ ᠶᠢᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠶ᠃ ᠭᠤᠷᠪᠠ ᠳᠤ᠂ ᠤᠬᠠᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠢᠲᠡᠭᠡᠮᠵᠢ ᠶᠢᠨ ᠪᠠᠶᠢᠭᠤᠯᠤᠯᠲᠠ ᠶᠢᠨ ᠶᠠᠪᠤᠴᠠ ᠳᠠᠬᠢ ᠰᠠᠶᠢᠨ ᠲᠤᠷᠰᠢᠯᠭ᠎ᠠ ᠪᠠ ᠰᠠᠶᠢᠨ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠵᠦ᠂ ᠠᠵᠢᠯ ᠤᠨ ᠬᠢᠯᠠᠰ ᠴᠡᠭ ᠢ ᠳ᠋ᠦᠩᠨᠡᠨ ᠪᠣᠯᠪᠠᠰᠤᠷᠠᠭᠤᠯᠵᠤ᠂ ᠠᠵᠢᠯ ᠤᠨ ᠪᠠᠶᠢᠳᠠᠯ ᠢ ᠲᠤᠰᠬᠠᠵᠤ᠂ ᠬᠠᠮᠵᠢᠯᠴᠠᠨ ᠬᠠᠮᠲᠤᠷᠠᠯᠴᠠᠬᠤ ᠪᠠᠷ ᠳᠡᠮᠵᠢᠨ ᠤᠬᠠᠭᠤᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠦᠨ ᠵᠤᠵᠠᠭᠠᠨ ᠦᠨᠡᠨᠴᠢ ᠢᠲᠡᠭᠡᠮᠵᠢ ᠶᠢᠨ ᠰᠣᠶᠣᠯ ᠤᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠲᠡᠢ ᠭᠡᠪᠡ᠃     ᠮᠠᠨ ᠤ ᠬᠤᠰᠢᠭᠤᠨ ᠤ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠲᠤᠰᠬᠠᠶ ᠠᠩᠭᠢ  ᠶᠢᠨ ᠡᠯ᠎ᠡ ᠲᠤᠰᠬᠠᠶ  ᠳᠤᠭᠤᠶᠢᠯᠠᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ  ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号