ᠮᠠᠨ ᠤ ᠬᠤᠰᠢᠭᠤᠨ ᠤ ᠤᠯᠢᠶᠠᠰᠤᠲᠠᠢ ᠪᠠᠯᠭᠠᠰᠤᠨ ᠤ ᠬᠥᠪᠴᠢᠨ ᠨᠡᠶᠢᠭᠡᠮ ᠲᠣᠭᠤᠷᠢᠭ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠪᠡᠯᠭᠡᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/8
      ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ  ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠶᠢᠨ ᠲᠥᠯᠥᠭᠡ᠂ ᠮᠠᠨ  ᠤ ᠬᠤᠰᠢᠭᠤᠨ ᠤ ᠤᠯᠢᠶᠠᠰᠤᠲᠠᠢ ᠪᠠᠯᠭᠠᠰᠤᠨ ᠤ ᠬᠥᠪᠴᠢᠨ ᠨᠡᠶᠢᠭᠡᠮ ᠲᠣᠭᠤᠷᠢᠭ《 ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ  ᠢᠶᠠᠨ ᠨᠢᠭᠡᠳᠬᠡᠵᠦ  ᠳᠤᠮᠳᠠᠳᠤ ᠶᠢᠨ ᠵᠡᠭᠦᠳᠦ ᠪᠠᠨ  ᠬᠠᠮᠲᠤ ᠪᠠᠷ ᠲᠡᠷᠭᠡᠯᠰᠢᠭᠦᠯᠦᠶ᠎ᠡ 》ᠭᠡᠬᠦ ᠲᠠᠪᠤᠨ ᠰᠠᠷ᠎ᠠ  ᠶᠢᠨ ᠰᠢᠨ᠎ᠡ ᠶᠢᠨ ᠲᠠᠪᠤᠨ ᠤ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ  ᠃      ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠦᠷᠢᠮ ᠤᠨ  ᠮᠡᠳᠡᠯᠭᠡ ᠶᠢᠨ ᠠᠰᠠᠭᠤᠯᠲᠠ  ᠬᠠᠷᠢᠭᠤᠯᠲᠠ ᠶᠢᠨ ᠭᠤᠭᠴᠤᠭ᠎ᠠ   ᠳᠤ᠂ ᠰᠠᠭᠤᠭᠠᠯᠢ ᠠᠷᠠᠳ ᠮᠡᠳᠡᠬᠦ ᠠᠰᠠᠭᠤᠯᠲᠠ ᠪᠠᠨ ᠭᠠᠷ ᠡᠷᠭᠦᠨ ᠵᠠᠪᠳᠤᠨ ᠬᠠᠷᠢᠭᠤᠯᠵᠤ᠂ ᠲᠤᠬᠠᠢ ᠶᠢᠨ  ᠲᠠᠯᠠᠪᠠᠢ ᠶᠢᠨ ᠠᠭᠤᠷ ᠠᠮᠢᠰᠬᠤᠯ ᠬᠥᠷ  ᠬᠥᠭᠵᠢᠶᠡᠨᠲᠡᠢ ᠶᠠᠪᠤᠭᠳᠠᠵᠤ᠂ ᠣᠶᠢᠯᠠᠭᠠᠬᠤ ᠦᠭᠡᠢ ᠠᠰᠠᠭᠤᠯᠲᠠ ᠳᠤ ᠠᠵᠢᠯᠲᠠᠨ ᠠᠴᠠ  ᠲᠤᠬᠠᠢ ᠶᠢᠨ ᠲᠠᠯᠠᠪᠠᠢ ᠳᠤ ᠰᠠᠭᠤᠭᠠᠯᠢ ᠠᠷᠠᠳ ᠲᠤ ᠲᠠᠶᠢᠯᠪᠦᠷᠢᠯᠠᠨ ᠦᠭᠴᠡᠢ᠃ ᠤᠯᠠᠨ ᠢᠶᠠᠷ ᠢᠶᠠᠨ᠂ ᠡᠶᠢᠮᠦᠷᠬᠦ ᠤᠬᠠᠭᠤᠯᠭ᠎ᠠ ᠶᠢᠨ ᠠᠵᠢᠯᠯᠠᠭ᠎ᠠ  ᠪᠠᠷ  ᠳᠠᠮᠵᠢᠨ ᠪᠢᠳᠡ ᠬᠤᠯᠪᠣᠭᠳᠠᠯ ᠪᠦᠬᠦᠢ ᠮᠡᠳᠡᠯᠭᠡ ᠶᠢ ᠡᠵᠡᠮᠰᠢᠵᠦ ᠳᠡᠶᠢᠯᠬᠦ ᠮᠥᠷᠲᠡᠭᠡᠨ ᠪᠠᠰᠠ ᠦᠨᠳᠦᠰᠦᠲᠡᠨ ᠤ ᠪᠦᠯᠬᠦᠮᠳᠡᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ ᠴᠢᠳᠠᠨ᠎ᠠ ᠭᠡᠵᠦ ᠢᠯᠡᠳᠬᠡᠵᠡᠭᠡᠪᠡ  ᠃      ᠠᠵᠢᠯᠯᠠᠭᠠᠨ ᠤ ᠲᠤᠬᠠᠶ ᠶᠢᠨ ᠲᠠᠯᠠᠪᠠᠶ ᠳᠤ ᠪᠠᠰᠠ ᠬᠤᠪᠴᠠᠰᠤᠨ ᠤ ᠦᠵᠡᠭᠦᠯᠦᠯᠭᠡ᠂ ᠪᠥᠵᠢᠭ ᠵᠡᠷᠭᠡ  ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠦᠵᠡᠭᠴᠢᠳ ᠤᠨ ᠪᠠᠭ᠋ᠠᠷᠬᠠᠯ ᠢ ᠲᠠᠲᠠᠵᠠᠶ  ᠃      ᠠᠵᠢᠯᠯᠠᠭᠠᠨ ᠳᠤ ᠪᠠᠰᠠ ᠴᠠᠭᠠᠷᠢᠭ ᠳᠠᠮᠵᠢᠭᠤᠯᠬᠤ᠂  ᠰᠠᠬᠤᠯᠢᠭ ᠬᠤᠷᠣᠬᠠᠶ ᠤᠨᠤᠵᠤ ᠤᠷᠤᠯᠳᠤᠬᠤ ᠵᠡᠷᠭᠡ ᠰᠣᠨᠢᠷᠬᠠᠯᠲᠠᠶ ᠲᠣᠭᠯᠠᠭᠠᠮ ᠤᠨ ᠭᠤᠭᠴᠤᠭ᠎ᠠ ᠲᠤᠬᠢᠷᠠᠭᠤᠯᠵᠤ᠂ ᠣᠯᠠᠨ  ᠢᠶᠠᠷ  ᠢᠶᠠᠨ ᠴᠤᠭ  ᠪᠠᠳᠠᠷᠠᠩᠭᠤᠢ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ᠭᠦᠶᠴᠡᠳ ᠢᠯᠡᠷᠡᠭᠦᠯᠪᠡ  ᠃      ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠮᠠᠷᠲᠠᠭᠳᠠᠰᠢ ᠥᠬᠡᠶ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠥᠩᠭᠡᠷᠡᠭᠦᠯᠵᠦ᠂ ᠣᠯᠠᠨ  ᠳᠤ ᠡᠯᠪᠡᠭ ᠪᠠᠶᠠᠯᠢᠭ ᠰᠣᠨᠢᠷᠬᠠᠯᠲᠤ ᠠᠵᠢᠯᠯᠠᠭ᠎ᠠ ᠶᠢᠨ ᠳᠤᠮᠳᠠ ᠤᠯᠠᠮᠵᠢᠯᠠᠯᠲᠤ ᠰᠣᠶᠣᠯ ᠪᠠ ᠵᠠᠩ ᠳᠠᠳᠬᠠᠯ ᠢ ᠨᠠᠩ ᠰᠠᠶᠢᠲᠤᠷ ᠤᠶᠢᠯᠠᠭᠠᠨ ᠤᠯᠠᠮᠵᠢᠯᠠᠵᠤ᠂ ᠦᠨᠳᠦᠰᠦᠲᠡᠨ ᠨᠦᠭᠦᠳ ᠤᠨ ᠬᠠᠷᠢᠯᠴᠠᠨ ᠬᠠᠪᠰᠤᠷᠤᠯᠴᠠᠬᠤ᠂ ᠠᠬ᠎ᠠ ᠳᠡᠭᠦᠦ ᠮᠡᠲᠦ ᠳᠣᠲᠣᠨᠣ ᠪᠠᠶᠢᠬᠤ ᠠᠭᠤᠷ ᠠᠮᠢᠰᠬᠤᠯ ᠢ ᠪᠣᠶ ᠪᠣᠯᠭᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号