ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ ᠨᠢ ᠯᠢᠨ ᠶᠤᠸᠠᠨ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠥᠮᠴᠢᠲᠡᠨ ᠤ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2024/7/8
      ᠰᠠᠭᠤᠭᠠᠯᠢ ᠲᠣᠭᠤᠷᠢᠭ ᠨᠢ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠦᠨᠳᠦᠰᠦᠨ ᠨᠢᠭᠡᠴᠢ ᠪᠣᠯᠤᠭᠰᠠᠨ ᠤ ᠬᠤᠪᠢ ᠳᠤ᠂ ᠨᠡᠶᠢᠭᠡᠮ ᠤᠨ ᠵᠠᠰᠠᠯᠲᠠ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠬᠤ ᠪᠠᠷ ᠪᠠᠷᠠᠬᠤ ᠦᠭᠡᠢ᠂ ᠨᠠᠩ ᠴᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠵᠠᠩᠭᠢᠯᠠᠭ᠎ᠠ ᠶᠢᠨ ᠴᠡᠭ ᠪᠣᠯᠣᠨ᠎ᠠ᠃ ᠣᠶᠢᠷ᠎ᠠ ᠶᠢᠨ ᠵᠢᠯ ᠠᠴᠠ᠂ ᠰᠠᠭᠠᠮᠠᠢ ᠨᠡᠶᠢᠭᠡᠮ ᠲᠣᠭᠤᠷᠢᠭ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠭᠴᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠯᠢ ᠤᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠣᠨ ᠡᠬᠢ ᠪᠠᠶᠠᠯᠢᠭ ᠢ ᠨᠡᠶᠢᠳᠬᠡᠬᠦ ᠪᠠᠷ ᠳᠠᠮᠵᠢᠭᠤᠯᠵᠤ᠂ ︽ᠬᠤᠪᠢᠰᠬᠠᠯ ᠤᠨ ᠦᠢᠯᠡᠰ ᠤᠨ ᠵᠥᠪᠯᠡᠯ︾ ᠢ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠳᠤ ᠬᠦᠴᠦᠷᠬᠡᠭ ᠶᠡᠭᠡ ᠬᠤᠪᠢᠰᠬᠠᠯ ᠤᠨ ᠬᠥᠳᠡᠯᠭᠡᠬᠦ ᠬᠦᠴᠦᠨ ᠨᠡᠮᠡᠷᠢᠯᠡᠵᠡᠢ᠃ ᠯᠢᠨ ᠶᠤᠸᠠᠨ ᠰᠠᠭᠤᠭᠠᠯᠢ ᠲᠣᠭᠤᠷᠢᠭ ᠨᠢ ᠣᠷᠳᠣ ᠬᠤᠭᠤᠴᠠᠭ᠎ᠠ ᠪᠠᠷ ᠠᠳᠠᠯ ᠠᠬᠤᠢ ᠶᠢᠨ ᠬᠠᠮᠢᠶᠠᠷᠤᠯᠲᠠ ᠦᠭᠡᠢ ᠪᠠᠶᠢᠳᠠᠯ ᠳᠤ ᠦᠨᠳᠦᠰᠦᠨ ᠱᠠᠲᠤᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠰᠠᠭᠤᠭᠠᠯᠢ ᠲᠣᠭᠤᠷᠢᠭ ᠤᠨ ᠠᠷᠠᠳ ᠤᠨ ᠥᠪᠡᠰᠦᠪᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠥᠪᠡᠰᠦᠪᠡᠨ ᠬᠠᠮᠢᠶᠠᠷᠬᠤ᠂ ᠥᠪᠡᠰᠦᠪᠡᠨ ᠦᠢᠯᠡᠴᠢᠯᠡᠬᠦ ᠶᠢ ᠪᠡᠶᠡᠯᠡᠭᠦᠯᠵᠦ᠂ ᠥᠷᠭᠡᠨ ᠣᠯᠠᠨ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ ᠨᠡᠶᠢᠭᠡᠮ ᠲᠣᠭᠤᠷᠢᠭ ᠨᠢ ᠨᠠᠷᠢᠨ ᠨᠢᠮᠪᠠᠢ ᠪᠡᠯᠡᠳᠬᠡᠬᠦ ᠪᠠᠷ ᠲᠠᠮᠵᠢᠨ᠂ ᠣᠶᠢᠷ᠎ᠠ ᠶᠢᠨ ᠡᠳᠦᠷ ᠯᠢᠨ ᠶᠤᠸᠠᠨ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠥᠮᠴᠢᠲᠡᠨ ᠤ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠰᠣᠩᠭᠤᠭᠤᠯᠢ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯᠲᠠᠳ ᠶᠡᠭᠡ ᠬᠡᠮᠵᠢᠶᠡᠨ ᠤ ᠪᠡᠯᠡᠳᠬᠡᠯ ᠠᠵᠢᠯ ᠢ ᠤᠷᠢᠳᠴᠢᠯᠠᠨ ᠬᠢᠭᠰᠡᠨ ᠪᠠᠶᠢᠨ᠎ᠠ᠃ ᠡᠷᠦᠬᠡ ᠳᠤ ᠬᠦᠷᠴᠦ  ᠭᠦᠨᠵᠡᠬᠡᠶᠢᠷᠡᠬᠦ   ᠪᠠᠷ ᠳᠠᠮᠵᠢᠭᠤᠯᠤᠨ᠂ ᠥᠮᠴᠢᠲᠡᠨ ᠤ ᠵᠥᠪᠯᠡᠯ ᠤᠨ ᠴᠢᠬᠤᠯᠠ ᠴᠢᠨᠠᠷ ᠪᠠ ᠰᠣᠩᠭᠤᠭᠤᠯᠢ ᠶᠢᠨ ᠶᠠᠪᠤᠴᠠ ᠶᠢ ᠥᠮᠴᠢᠲᠡᠨ ᠳᠤ ᠨᠠᠷᠢᠨ ᠲᠠᠨᠢᠯᠴᠠᠭᠤᠯᠵᠤ᠂ ᠥᠮᠴᠢᠲᠡᠨ ᠨᠢᠭᠡᠪᠦᠷᠢ ᠶᠢᠨ ᠰᠣᠩᠭᠤᠭᠤᠯᠢ ᠳᠤ ᠣᠷᠣᠯᠴᠠᠬᠤ ᠶᠢ ᠦᠨᠡᠨ ᠬᠦ ᠪᠠᠳᠤᠯᠠᠵᠤ  ᠂ ᠡᠭᠦᠨ ᠤ ᠬᠠᠮᠲᠤ ᠸᠢᠴᠠᠲ ᠤᠨ ᠴᠤᠭᠯᠠᠷᠠᠯ ᠵᠡᠷᠭᠡ ᠰᠢᠨ᠎ᠡ ᠵᠠᠭᠤᠴᠢᠯᠠᠭᠤᠷ ᠤᠨ ᠠᠷᠭ᠎ᠠ ᠵᠠᠮ ᠢ ᠠᠰᠢᠭᠯᠠᠨ᠂ ᠰᠣᠩᠭᠤᠭᠤᠯᠢ ᠶᠢᠨ ᠮᠡᠳᠡᠭᠡ   ᠶᠢ ᠥᠷᠭᠡᠨ ᠢᠶᠠᠷ ᠳᠠᠮᠵᠢᠭᠤᠯᠤᠨ ᠲᠠᠷᠬᠠᠭᠠᠵᠤ᠂ ᠰᠠᠭᠤᠭᠠᠯᠢ ᠠᠷᠠᠳ ᠤᠨ ᠣᠶᠢᠯᠠᠭᠠᠬᠤ ᠨᠣᠷᠮ᠎ᠠ ᠪᠠ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠪᠡ᠃      ᠰᠤᠩᠭᠠᠭᠤᠯᠢ ᠶᠢᠨ ᠶᠠᠪᠤᠴᠠ ᠳᠤ᠂ ᠨᠡᠶᠢᠭᠡᠮ ᠲᠣᠭᠤᠷᠢᠭ ᠨᠢ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠴᠢᠩᠭ᠎ᠠ ᠵᠢᠷᠤᠮᠯᠡᠪᠡ᠃ ᠰᠠᠭᠤᠭᠠᠯᠢ ᠠᠷᠠᠳ ᠥᠪᠡᠷ ᠢ ᠪᠠᠨ ᠲᠠᠨᠢᠯᠴᠠᠭᠤᠯᠬᠤ ᠪᠠ ᠨᠡᠶᠢᠭᠡᠮ ᠲᠣᠭᠤᠷᠢᠭ ᠠᠴᠠ ᠲᠠᠨᠢᠯᠴᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠢᠭᠡ ᠪᠦᠯᠦᠭ         ︽ᠴᠢᠳᠠᠪᠤᠷᠢ ᠲᠠᠢ᠂ ᠭᠤᠣᠯᠴᠢ ᠰᠠᠨᠠᠭ᠎ᠠ ᠲᠠᠢ᠂ ᠬᠠᠯᠠᠭᠤᠨ ᠰᠡᠳᠬᠢᠯᠭᠡ ᠲᠠᠢ︾ ᠵᠢᠱᠢᠭᠳᠡᠭᠰᠡᠳ ᠢ ᠰᠣᠩᠭᠤᠨ ᠭᠠᠷᠭᠠᠪᠠ᠃ ᠪᠦᠬᠦ ᠰᠠᠭᠤᠭᠠᠯᠢ ᠠᠷᠠᠳ ᠤᠨ ᠪᠢᠯᠧᠲ ᠥᠭᠬᠦ ᠰᠣᠩᠭᠤᠭᠤᠯᠢ ᠪᠠᠷ ᠳᠠᠮᠵᠢᠨ᠂ ᠡᠴᠦᠰ ᠲᠡᠭᠡᠨ 7 ᠵᠥᠪᠯᠡᠯ ᠤᠨ ᠭᠡᠰᠢᠭᠦᠨ ᠢ ᠰᠤᠩᠭᠤᠨ ᠭᠠᠷᠭᠠᠵᠤ᠂ ᠳᠠᠷᠠᠭ᠎ᠠ ᠪᠠᠷ ᠨᠢ ᠨᠡᠶᠢᠭᠡᠮ ᠲᠣᠭᠤᠷᠢᠭ ᠠᠴᠠ ᠬᠤᠶᠠᠳᠤᠭᠠᠷ ᠬᠤᠭᠤᠴᠠᠭᠠᠨ ᠤ  ᠦᠮᠴᠢᠲᠡᠨ ᠤ ᠵᠦᠪᠯᠡᠯ ᠤᠨ ᠠᠩᠬᠠᠳᠤᠭᠠᠷ ᠬᠤᠷᠠᠯᠳᠤᠭᠠᠨ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠢᠭᠤᠴᠠ ᠰᠣᠩᠭᠤᠭᠤᠯᠢ ᠶᠢᠨ ᠠᠷᠭ᠎ᠠ ᠪᠠᠷ ᠡᠷᠬᠢᠯᠡᠭᠴᠢ᠂ ᠳᠡᠳ᠋ ᠡᠷᠬᠢᠯᠡᠭᠴᠢ ᠪᠠ ᠨᠠᠷᠢᠨ ᠪᠢᠴᠢᠭ ᠤᠨ ᠳᠠᠷᠤᠭ᠎ᠠ ︵ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ︶ ᠶᠢ ᠲᠤᠰ ᠪᠦᠷᠢ ᠨᠢᠭᠡ ᠬᠥᠮᠥᠨ ᠢ ᠰᠣᠩᠭᠤᠨ ᠭᠠᠷᠭᠠᠵᠠᠢ᠃      ᠲᠣᠰ ᠤᠳᠠᠭᠠᠨ ᠤ ᠥᠮᠴᠢᠲᠡᠨ ᠤ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠠᠮᠵᠢᠯᠲᠠ ᠲᠠᠢ ᠶᠠᠪᠤᠭᠳᠠᠭᠰᠠᠨ ᠨᠢ ᠯᠢᠨ ᠶᠤᠸᠠᠨ ᠰᠠᠭᠤᠭᠠᠯᠢ ᠲᠣᠭᠤᠷᠢᠭ ᠤᠨ ᠢᠷᠡᠭᠡᠳᠦᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠣᠯᠭᠤᠵᠤ᠂ ᠥᠷᠭᠡᠨ ᠣᠯᠠᠨ ᠥᠮᠴᠢᠲᠡᠨ ᠤ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠳᠤ ᠪᠠᠲᠤ ᠴᠢᠩᠭ᠎ᠠ ᠥᠮᠥᠭ ᠲᠦᠰᠢᠭ ᠬᠠᠩᠭᠠᠭᠰᠠᠨ ᠮᠥᠷᠲᠡᠭᠡᠨ ᠪᠠᠰᠠ ᠥᠮᠴᠢᠲᠡᠨ ᠬᠢᠭᠡᠳ ᠠᠳᠠᠯ ᠠᠬᠤᠢ ᠶᠢᠨ ᠺᠣᠮᠫᠠᠨᠢ ᠶᠢᠨ  ᠬᠠᠷᠢᠯᠴᠠᠭ᠎ᠠ ᠶᠢ ᠠᠬᠢᠭᠤᠯᠵᠠᠢ᠃ ᠠᠵᠤ ᠦᠢᠯᠡᠰ ᠤᠨ ᠵᠥᠪᠯᠡᠯ ᠤᠨ ᠳᠠᠭᠠᠭᠤᠯᠭ᠎ᠠ ᠪᠠᠷ ᠯᠢᠨ ᠶᠤᠸᠠᠨ ᠰᠠᠭᠤᠭᠠᠯᠢ ᠲᠣᠭᠤᠷᠢᠭ ᠨᠢ ᠨᠡᠩ ᠡᠮᠬᠢ ᠳᠢᠭᠯᠢᠮ ᠲᠠᠢ᠂ ᠵᠢᠷᠤᠮᠵᠢᠯ ᠲᠠᠢ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠴᠢᠭᠯᠡᠯ ᠢᠶᠠᠷ ᠤᠷᠤᠭᠰᠢᠯᠠᠬᠤ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ ᠨᠢ           ︽ᠬᠤᠪᠢᠰᠬᠠᠯ ᠤᠨ ᠦᠢᠯᠡᠰ ᠤᠨ ᠵᠥᠪᠯᠡᠯ︾ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠵᠢᠯ ᠦᠢᠯᠡᠰ ᠤᠨ ᠵᠥᠪᠯᠡᠯ ᠤᠨ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ   ᠶᠢ ᠱᠠᠭᠠᠷᠳᠠᠵᠤ᠂ ᠰᠠᠭᠤᠭᠠᠯᠢ ᠠᠷᠠᠳ ᠤᠨ ᠵᠥᠪᠯᠡᠯ᠂ ᠠᠵᠤ ᠦᠢᠯᠡᠰ ᠤᠨ ᠵᠥᠪᠯᠡᠯ᠂ ᠠᠳᠠᠯ ᠠᠬᠤᠢ ᠶᠢᠨ ᠺᠣᠮᠫᠠᠨᠢ ᠪᠣᠯᠣᠨ ᠳᠠᠭᠠᠭᠠᠴᠢᠯᠠᠨ ᠬᠤᠯᠪᠣᠭᠠᠯᠠᠬᠤ ᠨᠢᠭᠡᠴᠡ ᠶᠢ ᠢᠳᠡᠪᠬᠢᠲᠡᠢ ᠪᠠᠷ ᠵᠣᠬᠢᠴᠠᠭᠤᠯᠵᠤ ᠪᠠᠶᠢᠭᠠᠳ ᠵᠥᠪᠳᠡᠯᠴᠡᠬᠦ ᠲᠤᠭᠳᠠᠯᠴᠠᠭ᠎ᠠ ᠶᠢ ᠪᠠᠶᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ︽ᠬᠤᠪᠢᠰᠬᠠᠯ ᠤᠨ ᠦᠢᠯᠡᠰ ᠤᠨ ᠵᠥᠪᠯᠡᠯ︾ ᠢ ᠦᠨᠡᠨ ᠬᠦ ᠡᠯ᠎ᠡ ᠲᠠᠯ᠎ᠠ ᠶᠢ ᠵᠣᠬᠢᠴᠠᠭᠤᠯᠬᠤ᠂ ᠰᠠᠭᠤᠭᠠᠯᠢ ᠠᠷᠠᠳ ᠳᠤ ᠦᠢᠯᠡᠴᠢᠯᠡᠬᠦ ᠤᠳᠤᠷᠢᠳᠬᠤ ᠭᠤᠣᠯᠯᠠᠭᠴᠢ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠪᠠ ᠤᠯᠠᠨ ᠲᠦᠮᠡᠨ ᠤ ᠬᠠᠨᠤᠮᠵᠢ ᠶᠢᠨ ᠨᠤᠷᠮ᠎ᠠ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠪᠤᠯᠤᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号