ᠰᠠᠮᠠᠢ ᠰᠤᠮᠤ ᠨᠢ 2024 ᠣᠨ ᠤ ᠬᠤᠶᠠᠳᠤᠭᠠᠷ ᠤᠯᠠᠷᠢᠯ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/8
      ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠭᠦᠨᠵᠡᠭᠡᠶ ᠥᠷᠨᠢᠭᠦᠯᠵᠦ᠂ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 12 ᠤᠨ ᠡᠳᠦᠷ᠂ ᠰᠠᠮᠠᠢ ᠰᠤᠮᠤ‌ᠨᠢ 2024 ᠣᠨ ᠤ ᠬᠤᠶᠠᠳᠤᠭᠠᠷ ᠤᠯᠠᠷᠢᠯ ᠤᠨ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ  ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ᠂ ᠰᠤᠮᠤᠨ ᠤ ᠤᠳᠤᠷᠢᠳᠬᠤ ᠪᠠᠭ ᠤᠨ  ᠭᠡᠰᠢᠭᠦᠳ᠂ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶  ᠶᠢᠨ ᠱᠦᠵᠢ  ᠵᠢᠴᠢ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ  ᠳᠤ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶  ᠶᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠷᠢᠶᠠᠲᠤ ᠣᠷᠣᠨ ᠤ ᠳᠣᠲᠣᠷᠠᠬᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠠᠳᠠᠯᠤᠨ ᠰᠤᠳᠤᠯᠵᠤ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠵᠥᠷᠢᠴᠡᠯ ᠵᠢᠭᠤᠷᠠᠯᠳᠤᠭᠠᠨ ᠢ  ᠮᠥᠷᠳᠡᠨ  ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ  ᠵᠡᠷᠭᠡ ᠠᠵᠢᠯ ᠳᠤ ᠲᠣᠳᠣᠷᠬᠠᠶ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠬᠢᠵᠡᠶ᠃      ᠬᠤᠷᠠᠯ ᠠᠴᠠ  ᠂ ᠨᠢᠭᠡ ᠳᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂  ᠠᠮᠢᠨ ᠬᠡᠷᠡᠭ ᠢ ᠰᠡᠷᠭᠡᠶᠢᠯᠡᠵᠦ  ᠡᠵᠡᠮᠳᠡᠵᠦ  ᠪᠣᠯᠬᠤ  ᠣᠶᠢᠯᠠᠭᠠᠭᠳᠠᠬᠤᠨ ᠢ ᠪᠠᠲᠤ       ᠪᠣᠯᠭᠠᠵᠤ᠂ ︽ᠠᠷᠠᠳ ᠠᠴᠠ ᠬᠡᠷᠡᠭ ᠠᠴᠠ ᠡᠷᠡᠭᠦᠦ ᠶᠢᠨ ᠬᠡᠷᠡᠭ ᠪᠣᠯᠬᠤ ︾᠂ ︽ᠡᠷᠡᠭᠦᠦ ᠶᠢᠨ ᠬᠡᠷᠡᠭ ᠠᠴᠠ ᠠᠮᠢᠨ ᠬᠡᠷᠡᠭ ᠪᠣᠯᠬᠤ  ︾   ᠶᠢ ᠴᠢᠩᠭ᠎ᠠ ᠰᠡᠷᠭᠡᠶᠢᠯᠡᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠶᠢ ᠬᠡᠷᠡᠭᠵᠢᠭᠦᠯᠵᠦ᠂ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶  ᠶᠢᠨ ᠦᠨᠳᠦᠰᠦᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠬᠠᠮᠢᠶᠠᠷᠤᠯᠲᠠ ᠠᠴᠠ ᠭᠤᠭᠤᠵᠢᠭᠳᠠᠵᠤ ᠡᠵᠡᠮᠳᠡᠯ ᠢᠶᠠᠨ ᠠᠯᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠭᠤᠷᠪᠠ ᠳᠤ᠂ ᠵᠥᠷᠢᠴᠡᠯ ᠵᠢᠭᠤᠷᠠᠯᠳᠤᠭᠠᠨ ᠢ ᠶᠡᠬᠡᠪᠡᠷ  ᠮᠥᠷᠳᠡᠨ  ᠪᠠᠶᠢᠴᠠᠭᠠᠵᠤ ᠶᠡᠬᠡᠪᠡᠷ ᠠᠷᠢᠯᠭᠠᠬᠤ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠭᠠᠴᠠᠭ᠎ᠠ ︵ᠨᠡᠶᠢᠭᠡᠮ ᠲᠣᠭᠤᠷᠢᠭ︶ ᠶᠢᠨ ᠳᠣᠲᠣᠷᠠᠬᠢ ᠡᠯ᠎ᠡ ᠲᠥᠷᠥᠯ ᠤᠨ ᠵᠥᠷᠢᠴᠡᠯ ᠤᠨ ᠲᠣᠭᠤᠷᠢᠨ ᠳᠤ ᠢᠳᠡᠪᠬᠢᠲᠡᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠥᠷᠢᠴᠡᠯ ᠵᠢᠭᠤᠷᠠᠯᠳᠤᠭᠠᠨ ᠤ ᠳᠠᠯᠳᠠ ᠬᠡᠮ ᠢ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠲᠦᠷᠪᠡ ᠳᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠭᠠᠵᠢᠭᠤ ᠨᠣᠮᠯᠠᠯ ᠢ ᠡᠰᠡᠷᠭᠦᠴᠡᠬᠦ ᠬᠠᠮᠢᠶ᠎ᠠ ᠪᠦᠬᠦᠢ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠥᠷᠭᠡᠨ ᠤᠯᠠᠨ ᠰᠠᠭᠤᠭᠠᠯᠢ ᠠᠷᠠᠳ ᠤᠨ ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯᠴᠢᠳ ᠢ ᠢᠯᠭᠠᠨ ᠲᠠᠨᠢᠬᠤ ᠪᠠ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠪᠠ ᠴᠢᠳᠠᠪᠤᠷᠢ ᠶᠢ  ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠳᠠᠷᠠᠭ᠎ᠠ ᠠᠯᠬᠤᠮ ᠳᠤ᠂ ᠰᠠᠮᠠᠢ ᠰᠤᠮᠤ ᠨᠢ  ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠠᠮᠤᠷ ᠲᠦᠪᠰᠢᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠦᠷ᠎ᠡ ᠪᠦᠲᠦᠮᠵᠢ ᠭᠠᠷᠭᠠᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠮᠤᠷ ᠠᠮᠤᠭᠤᠯᠠᠩ ᠰᠠᠷᠮᠠᠶ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ︕
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号