ᠰᠠᠮᠠᠢ ᠰᠤᠮᠤᠨ ᠤ  ᠮᠠᠨᠳᠠᠯᠲᠤ ᠭᠠᠴᠠᠭᠠᠨ ᠤ ᠡᠮᠡᠭᠲᠡᠶᠢᠴᠦᠳ ᠤᠨ  ᠬᠤᠯᠪᠣᠭᠠᠲᠤ ᠬᠤᠷᠠᠯ ᠨᠢ  ︽ᠨᠠᠮ ᠤᠨ ᠲᠠᠭᠤᠨ ᠢ ᠡᠷᠡᠰ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠤᠮᠠᠷᠠᠲᠤ ᠬᠢᠯᠢ ᠶᠢᠨ ᠡᠮᠡᠭᠲᠡᠶᠢᠴᠦᠳ ᠤᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠭᠤᠤᠯ ᠰᠡᠳᠦᠪᠲᠦ  ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2024/7/8
      ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ  ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠭᠡᠰᠢᠭᠦᠨ  ᠲᠠᠢ ᠬᠠᠮᠲᠤ ᠪᠠᠷ ᠶᠠᠷᠢᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ  ᠪᠣᠯᠭᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠪᠠ ︽ ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ  ᠶᠢᠨ ᠲᠥᠯᠥᠭᠡ᠂ 6 ᠰᠠᠷ᠎ᠠ ᠶᠢᠨ 15 ᠤ ᠡᠳᠦᠷ᠂ ᠰᠠᠮᠠᠢ ᠰᠤᠮᠤᠨ ᠤ  ᠮᠠᠨᠳᠠᠯᠲᠤ ᠭᠠᠴᠠᠭᠠᠨ ᠤ ᠡᠮᠡᠭᠲᠡᠶᠢᠴᠦᠳ ᠤᠨ  ᠬᠤᠯᠪᠣᠭᠠᠲᠤ ᠬᠤᠷᠠᠯ ᠨᠢ  ︽ᠨᠠᠮ ᠤᠨ ᠲᠠᠭᠤᠨ ᠢ ᠡᠷᠡᠰ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠤᠮᠠᠷᠠᠲᠤ ᠬᠢᠯᠢ ᠶᠢᠨ ᠡᠮᠡᠭᠲᠡᠶᠢᠴᠦᠳ ᠤᠨ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠭᠤᠤᠯ ᠰᠡᠳᠦᠪᠲᠦ  ᠬᠥᠳᠡᠯᠭᠡᠭᠡᠨ ᠥᠷᠨᠢᠭᠦᠯᠪᠡ᠃      ᠬᠥᠳᠡᠯᠭᠡᠭᠡᠨ ᠤ  ᠨᠢᠭᠡᠳᠦᠭᠡᠷ  ᠳᠤ᠂ ᠰᠣᠩᠭᠤᠭᠤᠯᠢ ᠶᠢᠨ ᠬᠡᠯᠪᠡᠷᠢ ᠪᠠᠷ ︽3 · 8︾ ᠤ ᠤᠯᠠᠭᠠᠨ ᠲᠤᠭᠴᠢ᠂ ︽ᠴᠡᠪᠡᠷ ᠴᠡᠮᠴᠡᠭᠡᠷ ᠭᠡᠷ ᠪᠦᠯᠢ︾᠂ ︽ᠬᠠᠮᠤᠭ  ᠰᠠᠶᠢᠬᠠᠨ ᠭᠡᠷ ᠪᠦᠯᠢ︾᠂ ︽ᠰᠠᠶᠢᠨ ᠬᠠᠳᠠᠮ ᠡᠵᠢ︾᠂       ︽ᠰᠢᠯᠢᠳᠡᠭ  ᠵᠠᠯᠠᠭᠤ︾᠂ ︽ᠠᠴᠢᠯᠠᠯᠲᠤ ᠪᠡᠷᠢ︾ ᠵᠡᠷᠭᠡ ᠶᠢ ᠰᠣᠩᠭᠤᠨ ᠭᠠᠷᠭᠠᠵᠤ᠂ 6 ᠡᠮᠡᠭᠲᠡᠶᠢᠴᠦᠳ ᠲᠤ ᠢᠷᠠᠭᠤ ᠠᠯᠳᠠᠷ ᠤᠨ ᠦᠨᠡᠮᠯᠡᠯ᠂ ᠱᠠᠩᠨᠠᠯ ᠤᠨ ᠪᠣᠳᠠᠰ  ᠵᠢᠴᠢ  ᠱᠠᠩᠨᠠᠯ ᠤᠨ ᠮᠥᠩᠭᠦ  ᠭᠠᠷᠳᠠᠭᠤᠯᠪᠠ᠃ ᠡᠭᠦᠨ ᠤ ᠬᠠᠮᠲᠤ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠦᠢᠴᠡᠳᠬᠡᠬᠦ ᠵᠥᠪᠯᠡᠯ ᠤᠨ ᠭᠡᠰᠢᠭᠦᠳ ᠤᠨ ᠠᠵᠢᠯ ᠤᠨ ᠲᠠᠯ᠎ᠠ ᠪᠠᠷ ᠬᠤᠪᠢ ᠨᠡᠮᠡᠷᠢ ᠦᠵᠡᠭᠦᠯᠦᠭᠰᠡᠨ   ᠳᠤ ᠲᠠᠯᠠᠷᠬᠠᠬᠤ ᠶᠢᠨ ᠲᠥᠯᠥᠭᠡ᠂ ᠲᠡᠳᠡᠨ ᠳᠤ ᠱᠠᠩᠨᠠᠯ ᠤᠨ ᠮᠥᠩᠭᠦ ᠣᠯᠭᠤᠬᠤ ᠶᠢᠨ ᠬᠠᠮᠲᠤ ᠱᠠᠩᠨᠠᠯ  ᠬᠦᠷᠲᠡᠭᠰᠡᠨ ᠡᠮᠡᠭᠲᠡᠶᠢᠴᠦᠳ ᠤᠨ ᠬᠦᠴᠦᠨ ᠢᠶᠠᠨ ᠦᠷᠭᠦᠯᠵᠢᠯᠡᠨ ᠨᠢᠭᠲᠠᠷᠠᠭᠤᠯᠵᠤ᠂ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠬᠡᠪ ᠰᠤᠷᠲᠠᠯ ᠢ ᠪᠠᠳᠠᠷᠠᠭᠤᠯᠬᠤ ᠰᠢᠨ᠎ᠡ ᠴᠠᠭ ᠦᠶ᠎ᠡ ᠶᠢᠨ ᠡᠮᠡᠭᠲᠡᠢ ᠪᠣᠯᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ       ᠰᠣᠨᠣᠰᠴᠤ᠂ ᠨᠠᠮ ᠢᠶᠠᠨ ᠳᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠬᠦ ᠶᠢ ᠵᠣᠷᠢᠭᠵᠢᠭᠤᠯᠪᠠ᠃      ᠬᠥᠳᠡᠯᠭᠡᠭᠡᠨ ᠤ ᠬᠤᠶᠠᠳᠤᠭᠠᠷ ᠲᠤ᠂ ᠡᠮᠡᠭᠲᠡᠶᠢᠴᠦᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠯᠠᠨ ᠢ ᠵᠣᠬᠢᠶᠠᠨ ᠪᠠᠶᠢᠭᠤᠯᠤᠨ ᠬᠥᠵᠥᠷ ᠤᠨ ᠤᠷᠤᠯᠳᠤᠭᠠᠨ ᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠨᠥᠬᠦᠷᠰᠡᠭ ᠡᠶᠡᠯᠳᠡᠭ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ ᠠᠬᠢᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠭᠠᠴᠠᠭᠠᠨ ᠤ ᠡᠮᠡᠭᠲᠡᠶᠢᠴᠦᠳ ᠤᠨ  ᠬᠤᠯᠪᠣᠭᠠᠲᠤ ᠬᠤᠷᠠᠯ ᠤᠨ ᠲᠡᠷᠢᠭᠦᠯᠡᠭᠴᠢ ᠠᠴᠠ  ᠂ ᠥᠷᠭᠡᠨ ᠣᠯᠠᠨ ᠡᠮᠡᠭᠲᠡᠶᠢᠴᠦᠳ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠤᠨ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠨᠠᠮ ᠪᠠ ᠣᠯᠠᠨ ᠲᠦᠮᠡᠨ ᠤ ᠬᠥᠭᠦᠷᠭᠡ ᠬᠤᠯᠪᠣᠭᠠᠰᠤ ᠶᠢ ᠰᠠᠶᠢᠲᠤᠷ ᠬᠢᠵᠦ᠂ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠣᠨᠴᠠᠯᠢᠭ ᠪᠠ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠳᠤᠮᠳᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠎ᠠ︔ ᠭᠡᠷ ᠤᠨ ᠰᠤᠷᠲᠠᠯ ᠢᠶᠠᠨ ᠤᠯᠠᠮᠵᠢᠯᠠᠵᠤ᠂ ᠪᠣᠯᠪᠠᠰᠤᠨ ᠢᠶᠠᠷ ᠰᠠᠨᠠᠭᠠᠴᠢᠯᠠᠬᠤ ᠳᠤᠮᠳᠠ ᠰᠢᠨ᠎ᠡ ᠰᠤᠷᠲᠠᠯ ᠢ ᠪᠠᠳᠠᠷᠠᠭᠤᠯᠤᠨ᠎ᠠ︔ ᠡᠷᠡᠮᠡᠬᠡᠶᠢᠯᠡᠨ ᠤᠷᠤᠭᠰᠢᠯᠠᠵᠤ᠂ ᠬᠥᠭᠵᠢᠯᠲᠡ ᠶᠢ ᠠᠬᠢᠭᠤᠯᠬᠤ ᠳᠤᠮᠳᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ᠂ ᠬᠤᠶᠢᠰᠢᠳᠠ ᠶᠢᠨ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠨ       ᠭᠠᠷᠭᠠᠪᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号