ᠰᠤᠷᠪᠤᠯᠵᠢᠯᠠᠭᠴᠢ 22 ᠤᠨ ᠡᠳᠦᠷ ᠣᠶᠢᠯᠠᠭᠠᠭᠰᠠᠨ ᠢᠶᠠᠷ᠂ ᠡᠨᠡ ᠵᠢᠯ ᠤᠨ ᠳᠡᠭᠡᠳᠦ ᠬᠠᠭᠠᠰ ᠵᠢᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠨᠢ ᠬᠤᠭᠤᠯᠠ ᠵᠠᠬᠢᠶᠠᠯᠠᠬᠤ ᠶᠢ ᠬᠥᠲᠥᠯᠥᠨ | ᠵᠢᠯᠤᠭᠤᠳᠬᠤ᠂ ᠵᠣᠭᠤᠰᠤᠨ ᠤ ᠲᠤᠭ᠎ᠠ ᠳᠤ ᠬᠦᠷᠭᠡᠪᠡᠯ ᠬᠠᠰᠤᠬᠤ ᠵᠣᠭᠤᠰᠤᠨ ᠤ ᠲᠤᠭ᠎ᠠ ᠶᠢ ᠭᠦᠢᠴᠡᠭᠡᠬᠦ᠂ | ᠬᠡᠲᠦᠷᠡᠲᠡᠯ᠎ᠡ ᠬᠠᠩᠭᠠᠬᠤ ᠵᠡᠷᠭᠡ ᠵᠠᠬᠢᠶᠠᠯᠠᠭ᠎ᠠ ᠶᠢᠨ ᠬᠤᠭᠤᠯᠠ ᠤᠮᠳᠠ ᠶᠢ ᠪᠦᠷᠢᠯᠭᠡᠨ ᠰᠦᠢᠳᠬᠡᠬᠦ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠷᠠᠭᠤᠯᠵᠤ᠂ | ᠪᠠᠷᠢᠮᠵᠢᠶ᠎ᠠ ᠵᠢᠷᠤᠮᠵᠢᠯ ᠢ ᠪᠦᠷᠢᠨᠰᠢᠭᠦᠯᠵᠦ᠂ ᠰᠦᠯᠵᠢᠶᠡᠨ ᠤ ᠢᠳᠡᠭᠡᠨ ᠤᠮᠳᠠᠭᠠᠨ ᠤ ᠲᠠᠪᠴᠠᠩ᠂ ᠵᠠᠬᠢᠶᠠᠯᠠᠭ᠎ᠠ ᠶᠢᠨ | ᠬᠤᠭᠤᠯᠠᠨ ᠤ ᠬᠤᠳᠠᠯᠳᠤᠭᠠᠴᠢᠨ ᠤ ᠵᠣᠬᠢᠬᠤ ᠬᠡᠮᠵᠢᠶᠡᠨ ᠤ ᠬᠤᠭᠤᠯᠠ ᠵᠠᠬᠢᠶᠠᠯᠠᠬᠤ ᠲᠤᠬᠠᠢ ᠰᠠᠨᠠᠭᠤᠯᠤᠮᠵᠢ ᠶᠢ | ᠵᠢᠷᠤᠮᠵᠢᠭᠤᠯᠬᠤ᠂ ᠡᠬᠢᠯᠡᠵᠦ ᠬᠦᠷᠭᠡᠬᠦ ᠦᠨ᠎ᠡ ᠬᠠᠩᠰᠢ ᠶᠢ ᠵᠣᠬᠢᠰᠲᠠᠢ ᠲᠣᠬᠢᠷᠠᠭᠤᠯᠬᠤ᠂ ᠢᠳᠡᠭᠡᠨ ᠤᠮᠳᠠᠭᠠᠨ ᠤ | ᠬᠡᠮᠵᠢᠶ᠎ᠡ ᠶᠢ ᠰᠢᠯᠢᠳᠡᠭᠵᠢᠭᠦᠯᠬᠦ ᠵᠡᠷᠭᠡ ᠢᠳᠡᠭᠡᠨ ᠤᠮᠳᠠᠭᠠᠨ ᠢ ᠭᠠᠳᠠᠭᠰᠢ ᠪᠣᠷᠣᠯᠠᠭᠤᠯᠬᠤ ᠠᠵᠢᠯᠯᠠᠭ᠎ᠠ ᠶᠢ ᠰᠢᠪᠠᠳᠠᠨ | ᠱᠠᠭᠠᠷᠳᠠᠪᠠ᠂ ᠣᠳᠣᠬᠠᠨ ᠪᠣᠯᠲᠠᠯ᠎ᠠ᠄ ᠨᠡᠶᠢᠳᠡ 85.5 ᠲᠦᠮᠡᠨ ᠲᠠᠪᠴᠠᠩ ᠤᠨ ᠠᠵᠤ ᠠᠬᠤᠶᠢᠯᠠᠯ ᠪᠣᠯᠣᠨ | ᠵᠠᠬᠢᠶᠠᠯᠠᠭ᠎ᠠ ᠶᠢᠨ ᠬᠤᠭᠤᠯᠠ ᠶᠢᠨ ᠬᠤᠳᠠᠯᠳᠤᠭᠠᠴᠢᠨ ᠳᠤ ᠬᠢᠨᠠᠯᠲᠠ ᠲᠠᠯᠪᠢᠵᠤ ᠪᠠᠶᠢᠴᠠᠭᠠᠵᠤ᠂ 2591 ᠬᠤᠪᠢ | ᠬᠡᠷᠡᠭ ᠢ ᠵᠠᠷᠯᠢᠭᠳᠠᠨ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠰᠡᠷᠡᠮᠵᠢᠯᠡᠭᠦᠯᠵᠦ᠂ 6 . 9 ᠲᠦᠮᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ᠂ 145 ᠬᠤᠪᠢ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ 21 ᠵᠦᠢᠯ ᠤᠨ | ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠭᠰᠠᠨ ᠪᠤᠶᠤ ᠵᠠᠰᠠᠪᠤᠷᠢ ᠣᠷᠣᠭᠤᠯᠵᠤ᠂ 94.8 ᠲᠦᠮᠡᠨ ᠬᠥᠮᠥᠨ | ᠤᠳᠠᠭ᠎ᠠ ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠵᠤ᠂ ᠵᠠᠬᠢᠶᠠᠯᠠᠭ᠎ᠠ ᠶᠢᠨ ᠬᠤᠭᠤᠯᠠᠨ ᠤ ᠬᠤᠳᠠᠯᠳᠤᠭᠠᠴᠢᠨ ᠪᠠ | ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯᠯᠠᠭᠴᠢ ᠶᠢ 108.1 ᠲᠦᠮᠡᠨ ᠬᠥᠮᠥᠨ ᠤᠳᠠᠭ᠎ᠠ | ᠪᠣᠯᠪᠠᠰᠤᠷᠠᠭᠤᠯᠵᠠᠢ᠃ ᠲᠣᠮᠣ ᠬᠡᠯᠪᠡᠷᠢ ᠶᠢᠨ ᠢᠳᠡᠭᠡᠨ ᠤᠮᠳᠠᠭᠠᠨ ᠵᠠᠬᠢᠶᠠᠯᠠᠭ᠎ᠠ ᠶᠢᠨ ᠲᠠᠪᠴᠠᠩ ᠤᠨ ︽ᠨᠢᠭᠡ | ᠬᠥᠮᠥᠨ ᠤ ᠬᠤᠭᠤᠯᠠ︾᠂ ︽ᠪᠠᠭ᠎ᠠ ᠬᠤᠪᠢ ᠬᠤᠭᠤᠯᠠ︾ ᠶᠢᠨ ᠲᠤᠰᠬᠠᠢ ᠣᠷᠣᠴᠠ ᠬᠠᠩᠭᠠᠬᠤ ᠶᠢ ᠵᠢᠯᠣᠭᠤᠳᠤᠨ | ᠠᠬᠢᠭᠤᠯᠵᠤ᠂ ᠵᠠᠬᠢᠶᠠᠯᠠᠭ᠎ᠠ ᠶᠢᠨ ︽ᠨᠡᠭᠦᠷᠡᠰᠦᠲᠥ᠋ᠷᠥᠭᠴᠢ︾ ᠶᠢᠨ ᠬᠤᠷᠠᠮᠳᠤᠯ ᠬᠤᠪᠢ ᠭᠠᠷᠭᠠᠭᠰᠠᠨ ᠠᠴᠠ ᠡᠨᠡ | ᠵᠢᠯ ᠠᠴᠠ ᠨᠠᠭᠠᠰᠢ ︽ᠪᠠᠭ᠎ᠠ ᠬᠤᠪᠢ ᠬᠤᠭᠤᠯᠠ︾ ᠶᠢᠨ ᠵᠠᠬᠢᠶᠠᠯᠠᠭ᠎ᠠ ᠨᠢᠭᠡᠨᠲᠡ 60 ᠳ᠋ᠦᠩᠰᠢᠭᠤᠷ ᠲᠥᠭᠦᠷᠢᠭ ᠢ | ᠳᠠᠪᠠᠵᠠᠢ᠃ |