ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠵᠢᠴᠢ ᠣᠨᠣᠯ  ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ 2024 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/7/9
      6 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶ᠎ᠠ  ᠶᠢᠨ ᠨᠠᠮ  ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠥᠵᠢᠯ  ᠤᠨ ᠲᠤᠰᠬᠠᠢ ᠰᠡᠳᠦᠪᠲᠦ ᠰᠤᠷᠤᠯᠴᠠᠯᠭ᠎ᠠ ᠵᠢᠴᠢ ᠣᠨᠣᠯ  ᠤᠨ ᠰᠤᠷᠤᠯᠴᠠᠭ᠎ᠠ ᠶᠢᠨ ᠭᠤᠣᠯᠯᠠᠬᠤ ᠳᠤᠭᠤᠶᠢᠯᠠᠩ ᠤᠨ 2024 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠵᠠᠢ᠃ ᠬᠤᠰᠢᠭᠤ ᠨᠠᠮ  ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ  ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ  ᠃      ᠬᠤᠷᠠᠯ ᠠᠴᠠ《 ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠤᠩᠭᠤᠮᠠᠯ》 ᠤᠨ ᠨᠢᠭᠡᠳᠦᠭᠡᠷ  ᠪᠤᠳᠢ  ᠶᠢᠨ《 ᠰᠠᠬᠢᠯᠭ᠎ᠠ ᠪᠠᠲᠤ ᠶᠢ ᠰᠠᠬᠢᠵᠤ᠂ ᠶᠣᠰᠣ ᠲᠦᠷᠢᠮ ᠢ ᠡᠷᠬᠢᠮᠯᠡᠬᠦ 》᠂《 ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ 》 ᠤᠨ ᠬᠤᠶᠠᠳᠤᠭᠠᠷ ᠪᠤᠲᠢ ᠶᠢᠨ 《 ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠨᠠᠮ ᠤᠨ ᠥᠪᠡᠷ ᠤᠨ ᠪᠡᠶ᠎ᠡ ᠳᠡᠭᠡᠨ ᠲᠦᠰᠢᠭᠯᠡᠨ ᠬᠤᠪᠢᠰᠬᠠᠯ ᠬᠢᠵᠦ ᠲᠡᠦᠬᠡ ᠶᠢᠨ ᠦᠶᠡᠯᠡᠯ ᠤᠨ ᠳᠠᠪᠲᠠᠮᠵᠢ ᠠᠴᠠ ᠮᠤᠯᠲᠤᠷᠠᠬᠤ ᠠᠮᠵᠢᠯᠲᠠ ᠲᠠᠢ ᠠᠷᠭ᠎ᠠ ᠵᠠᠮ ᠢ ᠬᠠᠶᠢᠨ ᠰᠦᠪᠡᠭᠴᠢᠯᠡᠬᠦ》ᠭᠡᠬᠦ ᠬᠤᠶᠠᠷ ᠦᠭᠦᠯᠡᠯᠲᠡ ᠶᠢ ᠲᠤᠰᠬᠠᠢ ᠰᠡᠳᠦᠪ ᠢᠶᠠᠷ ᠰᠤᠷᠤᠯᠴᠠᠪᠠ᠃ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠪᠦᠷᠢᠯᠳᠦᠬᠦᠨ《 ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠦᠶ᠎ᠡ  ︾ ᠭᠡᠬᠦ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠠᠢ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ  ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠠᠯᠤᠰ ᠭᠡᠳᠦ ᠶᠢᠨ ᠰᠠᠨᠠᠭ᠎ᠠ ᠵᠣᠷᠢᠯᠲᠠ᠂ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠴᠢᠩᠭ᠎ᠠ ᠱᠠᠭᠠᠷᠳᠠᠯᠭ᠎ᠠ ᠶᠢ ᠨᠠᠮ ᠤᠨ ᠲᠣᠭᠲᠠᠭᠠᠯ ᠲᠣᠭᠲᠠᠭᠠᠬᠤ ᠬᠦᠷᠲᠡᠯ᠎ᠡ ᠲᠤᠭᠤᠰᠢᠯᠠᠭᠤᠯᠬᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ᠂ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠦᠬᠦ ᠶᠠᠪᠤᠴᠠ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠦᠳᠦᠯᠦᠨ ᠵᠢᠯᠣᠭᠤᠳᠬᠤ᠂ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠦᠭᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ  ᠢ ᠦᠷᠨᠢᠭᠦᠯᠬᠦ ᠳᠤ ᠦᠨᠳᠦᠰᠦᠨ ᠵᠢᠷᠤᠮᠯᠠᠯ ᠬᠠᠩᠭᠠᠪᠠ ᠭᠡᠵᠡᠢ  ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠵᠤ᠂  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠠᠬᠢᠯᠭ᠎ᠠ ᠪᠠᠲᠤ ᠨᠠᠮ ᠤᠨ ᠬᠢᠴᠢᠶᠡᠯ᠂ ᠬᠥᠮᠦᠵᠢᠯ ᠪᠣᠯᠪᠠᠰᠤᠷᠠᠯ᠂ ᠤᠬᠠᠭᠤᠯᠤᠨ ᠲᠠᠶᠢᠯᠪᠤᠷᠢᠯᠠᠬᠤ ᠴᠢᠬᠤᠯᠠ ᠠᠭᠤᠯᠭ᠎ᠠ ᠪᠣᠯᠭᠠᠵᠤ᠂ ᠺᠠᠳ᠋ᠷ᠂ ᠠᠯᠪᠠᠲᠠᠨ᠂ ᠨᠠᠮ ᠤᠨ ᠭᠡᠰᠢᠭᠦᠨ ᠤ ᠦᠨᠳᠦᠰᠦᠨ ᠪᠣᠯᠪᠠᠰᠤᠷᠠᠯ ᠳᠤ ᠣᠷᠣᠭᠤᠯᠵᠤ᠂ ᠰᠡᠷᠡᠮᠵᠢᠯᠡᠭᠦᠯᠬᠦ ᠬᠥᠮᠦᠵᠢᠯ᠂ ᠡᠳᠦᠷ ᠲᠤᠳᠤᠮ ᠤᠨ ᠬᠥᠮᠦᠵᠢᠯ᠂ ᠤᠬᠠᠭᠤᠯᠭ᠎ᠠ ᠬᠥᠮᠦᠵᠢᠯ ᠳᠤ ᠠᠭᠤᠰᠤᠯᠴᠠᠭᠤᠯᠵᠤ᠂ ᠨᠠᠮ ᠤᠨ ᠭᠡᠰᠢᠭᠦᠨ ᠺᠠᠳ᠋ᠷ ᠢ ᠬᠦᠳᠦᠯᠥᠨ ᠳᠠᠭᠠᠭᠤᠯᠵᠤ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠶᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号