ᠬᠤᠰᠢᠭᠤ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠣᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
      6 ᠰᠠᠷ᠎ᠠ ᠶᠢᠨ 11 ᠤ ᠡᠳᠦᠷ᠂ ᠮᠠᠨ ᠤ ᠬᠤᠰᠢᠭᠤ ᠬᠤᠰᠢᠭᠤ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠣᠭᠤᠯᠪᠠ  ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠬᠤ ᠳᠠᠭᠠᠨ᠂ ᠡᠯ᠎ᠡ ᠰᠤᠮᠤ ᠪᠠᠯᠭᠠᠰᠤ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠭᠠᠳᠠᠨ᠎ᠠ ᠠᠴᠠ ᠣᠷᠤᠭᠤᠯᠬᠤ ᠬᠡᠯᠪᠡᠷᠢ ᠶᠢᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠰᠠᠭᠤᠳᠠᠯ  ᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃     ︿︿ᠤᠯᠤᠰ ᠤᠨ ᠲᠤᠭ ᠢᠶᠠᠷ ᠬᠢᠯᠢ ᠪᠠᠨ ᠭᠡᠶᠢᠭᠦᠯᠬᠦ﹀﹀ ᠢᠨᠵᠧᠨᠧᠷᠢᠩ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠳᠡᠭᠡᠳᠦ ᠱᠠᠲᠤ ᠪᠠ ᠬᠤᠰᠢᠭᠤ ᠲᠣᠰ ᠱᠠᠲᠤᠨ ᠤ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠵᠦ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ  ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠵᠢᠯ ᠤᠨ ᠡᠬᠢᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠠ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠴᠢᠨᠠᠭᠰᠢᠳᠠ ᠰᠠᠶᠢᠲᠤᠷ ᠬᠢᠵᠦ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠴᠡᠪᠡᠷ ᠲᠡᠭᠰᠢ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠶᠯ ᠤᠨ ᠡᠳ᠋ ᠬᠥᠷᠥᠩᠭᠡ ᠶᠢ ᠡᠷᠭᠢᠵᠦ ᠬᠠᠷᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠲᠥᠷᠥᠯ ᠵᠦᠶᠯ ᠤᠨ ᠠᠵᠢᠯᠯᠠᠭᠠᠨ  ᠤ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠂ ᠣᠲᠣ ᠶᠢᠨ ᠪᠠᠶᠢᠭ᠎ᠠ ᠡᠳ᠋ ᠬᠥᠷᠥᠩᠭᠡ ᠶᠢ ᠠᠮᠢᠳᠤᠯᠢᠭᠵᠢᠭᠤᠯᠵᠤ᠂ ᠲᠥᠷᠥᠯ ᠵᠦᠶᠯ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ᠃ ᠵᠠᠩ ᠳᠠᠳᠬᠠᠯ ᠢ ᠥᠭᠡᠷᠡᠴᠢᠯᠡᠬᠦ ᠡᠯ᠎ᠡ ᠵᠦᠢᠯ ᠤᠨ ᠠᠵᠢᠯ ᠢ ᠪᠠᠶᠢᠩᠭᠤᠵᠢᠭᠤᠯᠤᠨ‌ᠥᠷᠨᠢᠭᠦᠯᠵᠦ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠵᠤ᠂ ᠤᠳᠤ ᠪᠠᠶᠢᠭ᠎ᠠ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠰᠠᠭᠤᠷᠢᠨ ᠳᠡᠭᠡᠷ᠎ᠡ ᠲᠠᠬᠢᠨ ᠥᠷᠭᠡᠳᠬᠡᠨ᠂ ᠲᠠᠬᠢᠨ ᠳᠠᠷᠤᠯᠲᠠ ᠥᠭᠴᠦ᠂ ᠨᠢᠭᠡᠨᠲᠡ ᠪᠠᠶᠢᠭᠤᠯᠤᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠦᠷ᠎ᠡ ᠪᠦᠲᠦᠭᠡᠯ ᠢ ᠨᠡᠩ ᠤᠯᠠᠨ ᠨᠡᠩ ᠰᠠᠶᠢᠨ ᠢᠶᠠᠷ ᠤᠯᠠᠨ ᠲᠦᠮᠡᠨ  ᠳᠤ ᠬᠦᠷᠲᠡᠭᠡᠬᠦ ᠬᠡᠷᠡᠭᠲᠡᠢ ᠭᠡᠵᠡᠢ᠃      ᠡᠯ᠎ᠡ ᠰᠤᠮᠤ ᠪᠠᠯᠭᠠᠰᠤᠨ ᠤ ᠭᠤᠤᠯ ᠤᠳᠤᠷᠢᠳᠤᠯᠭ᠎ᠠ᠂ ᠬᠤᠰᠢᠭᠤ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠬᠠᠮᠢᠶ᠎ᠠ ᠪᠥᠬᠦᠶ ᠪᠦᠷᠢᠯᠳᠦᠬᠦᠨ ᠨᠢᠭᠡᠴᠢ ᠶᠢᠨ ᠬᠢᠨ ᠬᠤᠷᠠᠯ ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号