ᠮᠠᠨ ᠤ ᠬᠤᠰᠢᠭᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠣᠯᠪᠠᠰᠤᠨ ᠦᠶᠯᠡᠳᠦᠯᠭᠡ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/7/9
      ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠬᠦᠷᠴᠦ ᠢᠷᠡᠬᠦ ᠲᠠᠰᠢᠷᠠᠮ ᠢᠶᠠᠷ᠂ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠭᠤᠰᠤᠯᠴᠠᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠤᠯᠢᠶᠠᠰᠤᠲᠠᠢ ᠪᠠᠯᠭᠠᠰᠤᠨ ᠤ ᠮᠠᠨᠳᠤᠬᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ︿︿ᠠ ᠡ ᠢ﹀﹀ ᠨᠡᠶᠢᠲᠡ ᠶᠢᠨ ᠠᠰᠠᠷᠠᠮᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ ᠤᠨ ᠨᠡᠶᠢᠭᠡᠮᠯᠢᠭ ᠲᠠᠢ ᠬᠠᠮᠲᠦᠷᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠣᠯᠪᠠᠰᠤᠨ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃      ᠬᠥᠳᠡᠯᠭᠡᠭᠡᠨ ᠤ ᠲᠤᠬᠠᠶ ᠶᠢᠨ ᠲᠠᠯᠠᠪᠠᠶ ᠳᠤ᠂ ᠣᠯᠠᠨ ᠢᠶᠠᠷ ᠢᠶᠠᠨ ᠬᠤᠯᠤᠰᠤᠨ ᠨᠠᠪᠴᠢ᠂ ᠰᠢᠯᠦᠬᠡᠶ ᠲᠤᠲᠤᠷᠭ᠎ᠠ  ᠪᠠᠨ ᠪᠦᠷᠢᠨ ᠪᠡᠯᠡᠳᠭᠡᠵᠦ᠂ ᠬᠡᠯᠪᠡᠷᠢ ᠳᠦᠷᠰᠦ ᠨᠢ ᠠᠳᠠᠯᠢ ᠪᠤᠰᠤ ᠲᠣᠮᠣ ᠮᠥᠷᠲᠡᠭᠡᠨ ᠭᠤᠶᠣ ᠽᠦᠩᠽᠢ ᠪᠣᠭᠤᠵᠤ᠂ ᠥᠪᠡᠷ ᠤᠨ ᠭᠠᠷ ᠢᠶᠠᠷ ᠢᠶᠠᠨ ᠪᠠᠭᠯᠠᠭᠰᠠᠨ ᠽᠦᠩᠽᠢ ᠪᠠᠨ ᠠᠮᠲᠠᠯᠠᠵᠤ᠂ ᠲᠤᠬᠠᠶ ᠶᠢᠨ ᠲᠠᠯᠠᠪᠠᠶ ᠡᠶ᠎ᠡ ᠨᠠᠶᠢᠷ ᠪᠠᠷ ᠪᠢᠯᠬᠠᠵᠤ ᠪᠠᠶᠢᠯ᠎ᠠ᠃ ᠬᠤᠰᠢᠭᠤ ᠤᠯᠠᠭᠠᠨᠮᠥ᠋ᠴᠢᠷ ᠤᠨ ᠲᠣᠭᠯᠠᠭᠴᠢᠳ ᠠᠴᠠ ᠪᠠᠰᠠ ᠲᠤᠬᠠᠶ ᠶᠢᠨ ᠲᠠᠯᠠᠪᠠᠢ ᠶᠢᠨ ᠣᠯᠠᠨ ᠲᠦᠮᠡᠨ ᠳᠤ ᠤᠷᠠᠨ ᠰᠠᠶᠢᠬᠠᠨ ᠤ ᠲᠣᠭᠯᠠᠯᠲᠠ ᠰᠤᠨᠢᠷᠬᠠᠭᠤᠯᠤᠨ ᠰᠡᠳᠬᠢᠯ ᠢ ᠨᠢ ᠪᠠᠶᠠᠰᠬᠠᠪᠠ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ᠂ ᠤᠯᠢᠶᠠᠰᠤᠲᠠᠢ ᠪᠠᠯᠭᠠᠰᠤᠨ ᠤ ᠮᠠᠨᠳᠤᠬᠤ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ︿︿ᠠ ᠡ ᠢ﹀﹀ ᠨᠡᠶᠢᠲᠡ ᠶᠢᠨ ᠠᠰᠠᠷᠠᠮᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷᠠᠴᠤᠳ  ᠤᠨ ᠨᠡᠶᠢᠭᠡᠮᠯᠢᠭ ᠲᠠᠢ ᠭᠠᠷ ᠬᠤᠯᠪᠣᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠶᠠᠳᠠᠭᠤ ᠬᠦᠴᠢᠷᠳᠡᠯᠲᠡᠶ ᠬᠡᠷ ᠪᠦᠯᠢ  ᠳᠤ ᠭᠤᠯᠢᠷ᠂ ᠲᠣᠰᠣ ᠵᠡᠷᠭᠡ ᠠᠮᠢᠳᠤᠷᠠᠯ ᠤᠨ ᠬᠡᠷᠡᠭᠯᠡᠭᠡᠨ ᠤ ᠵᠦᠢᠯᠡᠰ ᠬᠦᠷᠭᠡᠬᠦ ᠶᠢᠨ ᠬᠠᠮᠲᠤ ᠲᠡᠳᠡᠨ ᠢ ᠣᠶᠢᠷ᠎ᠠ ᠶᠢᠨ ᠬᠤᠭᠤᠴᠠᠭᠠᠨ ᠳᠤ ᠠᠮᠢᠳᠤᠷᠠᠯ ᠳᠤᠨᠢ ᠬᠦᠴᠢᠷᠳᠡᠯ ᠪᠠᠶᠢᠬᠤ ᠡᠰᠡᠬᠦ ᠶᠢ ᠬᠠᠯᠠᠮᠵᠢᠯᠠᠨ ᠠᠰᠠᠭᠤᠵᠤ᠂ ᠢᠲᠡᠭᠡᠯ ᠵᠣᠷᠢᠭ  ᠢᠶᠠᠨ ᠨᠡᠮᠡᠭᠳᠡᠭᠦᠯᠦᠨ᠂ ᠢᠳᠡᠪᠬᠢᠲᠡᠶ᠂ ᠪᠠᠶᠠᠰᠤᠩᠭᠤᠶ ᠪᠠᠷ ᠠᠮᠢᠳᠤᠷᠠᠯ ᠳᠤ ᠬᠠᠨᠳᠤᠬᠤ ᠶᠢ ᠨᠢ ᠵᠣᠷᠢᠭᠵᠢᠭᠤᠯᠤᠨ᠂ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠬᠦᠷᠭᠡᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠰᠠᠭᠤᠭᠠᠯᠢ ᠠᠷᠠᠳ ᠲᠤ ᠥᠪᠡᠷ ᠢ ᠪᠠᠨ ᠢᠯᠡᠷᠡᠭᠦᠯᠬᠦ᠂ ᠰᠡᠳᠬᠢᠯ ᠢᠶᠠᠨ ᠲᠠᠶᠢᠪᠤᠰᠢᠷᠠᠭᠤᠯᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤᠮᠳᠠ ᠰᠢᠨ᠎ᠡ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠲᠠᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤᠮᠳᠠ ᠦᠨᠡᠨ ᠬᠦ ᠠᠭᠤᠰᠬᠠᠨ ᠣᠷᠣᠭᠤᠯᠵᠤ᠂ ᠡᠶ᠎ᠡ ᠵᠣᠬᠢᠴᠠᠩᠭᠤᠶ ᠰᠠᠶᠢᠨ ᠰᠠᠶᠢᠬᠠᠨ ᠬᠠᠷᠢᠶᠠᠲᠤ ᠣᠷᠣᠨ ᠤ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠨᠡᠮᠡᠷᠢᠯᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号