2024 ᠣᠨ ᠤ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠬᠦ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/9
ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠮᠠᠨ ᠤ ᠬᠤᠰᠢᠭᠤᠨ ᠤ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢ ᠥᠷᠭᠡᠨ ᠭᠦᠨᠵᠡᠭᠡᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ︽ᠰᠢᠯᠢ ᠶᠢᠨ ᠭᠤᠤᠯ ᠠᠶᠢᠮᠠᠭ ᠤᠨ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠤᠨ ︿2024 ᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠭᠡᠬᠦ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠬᠦ ᠲᠤᠬᠠᠶ ᠮᠡᠳᠡᠭᠳᠡᠯ﹀︾ ︵ᠰᠢᠯᠢ ᠨᠤᠭᠤᠭᠠᠷᠠᠭᠤᠯᠬᠤ ᠠᠯᠪᠠᠨ ᠥᠰᠥᠭ ﹇2020﹈ 4 ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠪᠠ᠃ ᠣᠳᠤ 2024 ᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠶᠢᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠠᠵᠢᠯᠯᠠᠭᠠᠨ ᠤ ᠭᠤᠤᠯ ᠰᠡᠳᠦᠪ      ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠥᠪᠯᠡᠯ ᠠᠴᠠ 2024 ᠣᠨ ᠳᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ︽ᠮᠣᠳᠣ ᠳᠠᠷᠢᠬᠤ ᠡᠭᠦᠷᠭᠡ ᠪᠠᠨ ᠭᠦᠢᠴᠡᠳᠬᠡᠵᠦ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠬᠠᠮᠲᠤ ᠪᠠᠷ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠢᠶᠠᠨ ᠪᠣᠯᠭᠠᠬᠤ ᠪᠠᠷ ᠲᠣᠭᠲᠠᠪᠠ᠃      ᠬᠤᠶᠠᠷ᠂ ᠠᠵᠢᠯᠯᠠᠭᠠᠨ ᠤ ᠴᠠᠭ      ᠮᠠᠨ ᠤ ᠬᠤᠰᠢᠭᠤᠨ ᠤ ᠪᠠᠶᠢᠭᠠᠯᠢ ᠶᠢᠨ ᠨᠥᠬᠦᠴᠡᠯ ᠢ ᠦᠨᠳᠦᠰᠦᠯᠡᠨ᠂ 2024 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠴᠠᠭ ᠢ 4 ᠰᠠᠷ᠎ᠠ ᠶᠢᠨ 20 ᠤ ᠡᠳᠦᠷ ᠠᠴᠠ 5 ᠰᠠᠷ᠎ᠠ ᠶᠢᠨ 10 ᠤ ᠡᠳᠦᠷ ᠢᠶᠠᠷ ᠲᠣᠭᠲᠠᠭᠠᠪᠠ᠃      ᠭᠤᠷᠪᠠ᠂ ᠠᠵᠢᠯᠯᠠᠭᠠᠨ ᠤ ᠬᠠᠷᠠᠯᠲᠠ      ᠠᠯᠪᠠᠨ ᠵᠢᠷᠤᠮ ᠤᠨ ᠮᠣᠳᠣ ᠳᠠᠷᠢᠬᠤ ᠳᠥᠷᠪᠡᠨ ᠲᠠᠯ᠎ᠠ ᠶᠢᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠳᠣᠲᠣᠷᠠᠬᠢ ᠵᠣᠬᠢᠬᠤ ᠨᠠᠰᠤᠨ ᠤ ᠬᠥᠮᠦᠰ ︵ᠲᠣᠰ ᠬᠡᠷᠡᠭᠵᠢᠭᠦᠯᠬᠦ ᠲᠥᠰᠦᠯ ᠳᠤ ᠬᠡᠯᠡᠵᠦ ᠪᠠᠶᠢᠭ᠎ᠠ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠨᠠᠰᠤᠨ ᠤ ᠬᠥᠮᠦᠰ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ᠂ ᠡᠷᠡᠭᠲᠡᠶ ᠠᠷᠪᠠᠨ ᠨᠢᠭᠡᠨ ᠠᠴᠠ ᠵᠢᠷᠠᠨ ᠨᠠᠰᠤ ᠪᠣᠯᠲᠠᠯ᠎ᠠ᠂ ᠡᠮᠡᠭᠲᠡᠶ ᠠᠷᠪᠠᠨ ᠨᠢᠭᠡᠨ ᠠᠴᠠ ᠲᠠᠪᠢᠨ ᠲᠠᠪᠤᠨ ᠨᠠᠰᠤ ᠪᠣᠯᠲᠠᠯ᠎ᠠ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠳ ᠢ ᠭᠠᠷᠭᠠᠪᠠᠯ᠂ ᠬᠤᠯᠪᠣᠭᠳᠠᠯ ᠪᠥᠬᠦᠶ ᠲᠥᠯᠥᠪᠵᠢᠭᠦᠯᠭᠡ᠂ ᠪᠠᠷᠢᠮᠵᠢᠶ᠎ᠠ ᠪᠠ ᠮᠡᠷᠭᠡᠵᠢᠯ ᠤᠨ ᠱᠠᠭᠠᠷᠳᠠᠯᠭ᠎ᠠ ᠶᠣᠰᠣᠭᠠᠷ᠂ ᠰᠢᠭᠤᠳ ᠪᠤᠶᠤ ᠳᠠᠮ ᠢᠶᠠᠷ ᠮᠣᠳᠣ ᠳᠠᠷᠢᠬᠤ ᠡᠭᠦᠷᠭᠡ ᠶᠢ ᠭᠦᠢᠴᠡᠳᠭᠡᠬᠦ ᠠᠵᠢᠯᠯᠠᠭ᠎ᠠ︶ ᠤᠨ ᠰᠠᠭᠤᠷᠢ ᠲᠤᠭ᠎ᠠ ᠶᠢ ᠦᠨᠳᠦᠰᠦᠯᠡᠨ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ 6 ᠲᠦᠮᠡᠨ ᠰᠠᠭᠤᠷᠢ ᠪᠡᠶᠡᠯᠡᠭᠦᠯᠬᠦ ᠪᠠᠷ ᠲᠥᠯᠥᠪᠯᠡᠵᠦ ᠪᠣᠶ᠃      ᠳᠥᠷᠪᠡ᠂ ᠭᠤᠣᠯ ᠡᠭᠦᠷᠭᠡ      (ᠨᠢᠭᠡ)ᠬᠠᠨᠲᠤᠯᠭ᠎ᠠ ᠲᠠᠢ ᠪᠠᠷ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠲᠤ ᠤᠷᠤᠯᠴᠠᠬᠤ ᠬᠦᠮᠦᠰ᠃ ᠬᠤᠰᠢᠭᠤ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠵᠢᠴᠢ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ ᠶᠢᠨ ᠠᠯᠪᠠ ᠬᠠᠭᠠᠵᠤ ᠪᠠᠶᠢᠭ᠎ᠠ ᠬᠥᠮᠦᠰ ᠪᠣᠯ ᠠᠯᠪᠠᠨ ᠵᠢᠷᠤᠮ ᠤᠨ ᠮᠣᠳᠣ ᠲᠠᠷᠢᠬᠤ ᠬᠠᠨᠳᠤᠯᠭ᠎ᠠ ᠲᠠᠢ ᠬᠥᠮᠦᠰ ᠪᠣᠯᠤᠨ᠎ᠠ᠂ ᠲᠡᠷᠡᠴᠢᠯᠡᠨ ᠡᠳ᠋ ᠮᠥᠩᠭᠦ ᠪᠠᠷ ᠬᠥᠳᠡᠯᠮᠦᠷᠢ ᠶᠢ ᠣᠷᠣᠯᠠᠭᠤᠯᠬᠤ ᠬᠡᠯᠪᠡᠷᠢ ᠪᠠᠷ ᠠᠯᠪᠠᠨ ᠵᠢᠷᠤᠮ ᠤᠨ ᠮᠣᠳᠣ ᠲᠠᠷᠢᠬᠤ ᠡᠭᠦᠷᠭᠡ ᠪᠠᠨ ᠪᠡᠶᠡᠯᠡᠭᠦᠯᠦᠨ᠎ᠡ᠃ ︽ᠪᠦᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠪᠦᠬᠦ ᠨᠤᠭᠤᠭᠠᠷᠠᠭᠤᠯᠬᠤ ᠦᠰᠦᠭ︹2017︺ 6 ᠲᠣᠭᠠᠲᠤ︶  ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ ᠭᠠᠵᠠᠷ ᠣᠷᠣᠨ ᠤ ᠪᠠᠷᠢᠮᠵᠢᠶ᠎ᠠ ᠨᠢ ᠰᠠᠭᠤᠷᠢ ᠪᠦᠷᠢ 15 ᠲᠥᠭᠦᠷᠢᠭ᠂ ᠬᠥᠮᠦᠨ ᠪᠦᠷᠢ ᠶᠢᠨ ᠠᠯᠪᠠᠨ ᠵᠢᠷᠤᠮ ᠤᠨ ᠮᠣᠳᠣ ᠲᠠᠷᠢᠬᠤ ᠲᠠᠯᠠᠪᠠᠢ ᠶᠢ 5 ᠰᠠᠭᠤᠷᠢ ᠪᠠᠷ ᠪᠣᠳᠣᠵᠤ᠂ ᠬᠥᠮᠦᠨ ᠪᠦᠷᠢ 75 ᠲᠥᠭᠦᠷᠢᠭ ᠬᠠᠨᠳᠢᠪᠯᠠᠵᠤ᠂ ᠴᠤᠭᠯᠠᠭᠤᠯᠤᠭᠰᠠᠨ ᠪᠡᠯᠡ ᠮᠥᠩᠭᠦ ᠶᠢ ᠬᠤᠰᠢᠭᠤ ᠨᠣᠭᠤᠭᠠᠷᠠᠭᠤᠯᠤᠯᠲᠠ ᠶᠢᠨ ᠠᠵᠢᠯ ᠤᠨ ᠠᠯᠪᠠᠨ ᠭᠡᠷ ᠠᠴᠠ ᠨᠢᠭᠡᠳᠦᠯᠲᠡᠢ ᠴᠤᠭᠯᠠᠭᠤᠯᠵᠤ᠂ ᠬᠤᠰᠢᠭᠤ ᠣᠢ ᠰᠢᠭᠤᠢ ᠶᠢᠨ ᠠᠵᠢᠯ ᠤᠨ ᠥᠷᠲᠡᠭᠡ ᠳᠤ ᠨᠠᠶᠢᠳᠠᠵᠤ ᠣᠷᠣᠯᠠᠨ ᠵᠣᠬᠢᠶᠠᠨ ᠪᠠᠢᠭᠤᠯᠵᠤ᠂ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠨᠢ ᠤᠯᠢᠶᠠᠰᠤᠲᠠᠢ ᠪᠠᠯᠭᠠᠰᠤᠨ ᠤ ᠰᠡᠭᠡᠭᠡᠲᠡᠨ ᠴᠡᠴᠡᠷᠯᠢᠭ ᠤᠨ ᠪᠠᠷᠠᠭᠤᠨ ᠲᠠᠯ᠎ᠠ ᠶᠢᠨ ᠣᠶᠢᠵᠢᠭᠤᠯᠬᠤ ᠭᠠᠵᠠᠷ ᠲᠤ ᠪᠠᠶᠢᠷᠢᠯᠠᠵᠤ ᠪᠠᠶᠢᠨ᠎ᠠ᠃       ︵ᠬᠤᠶᠠᠷ᠂ ᠦᠨᠳᠦᠰᠦᠨ ᠱᠠᠲᠤᠨ ᠤ ᠨᠢᠭᠡᠴᠡ ᠶᠢᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠡᠯ᠎ᠡ ᠰᠤᠮᠤ ᠪᠠᠯᠭᠠᠰᠤ ︵ᠲᠠᠯᠠᠪᠠᠶ︶ ᠨᠢ ᠲᠣᠰ ᠭᠠᠵᠠᠷ ᠤᠨ ᠺᠠᠳ᠋ᠷ ᠠᠵᠢᠯᠲᠠᠨ ᠠᠵᠢᠯᠴᠢᠨ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠵᠢᠴᠢ ᠵᠣᠬᠢᠬᠤ ᠨᠠᠰᠤᠨ ᠤ ᠰᠠᠭᠤᠭᠠᠯᠢ ᠠᠷᠠᠳ ︵ᠠᠵᠢᠯᠲᠠᠨ ᠠᠵᠢᠯᠴᠢᠨ ᠤ ᠪᠤᠰᠤ︶ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠦᠷᠨᠢᠭᠦᠯᠦᠨ᠎ᠡ᠃ ᠡᠯ᠎ᠡ ᠭᠠᠵᠠᠷ ᠤᠨ ᠬᠢᠨ ᠨᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠰᠤᠳᠤᠯᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠵᠦᠢ ᠵᠣᠬᠢᠰᠲᠠᠶ ᠲᠣᠭᠲᠠᠭᠠᠵᠤ᠂ ᠣᠳᠣᠬᠠᠨ ᠤ ᠳᠠᠩ ᠭᠠᠭᠴᠠ ᠠᠯᠪᠠᠨ ᠵᠢᠷᠤᠮ ᠤᠨ ᠮᠣᠳᠣ ᠲᠠᠷᠢᠬᠤ ᠬᠡᠯᠪᠡᠷᠢ ᠶᠢ ᠮᠣᠳᠣ ᠲᠠᠷᠢᠵᠤ ᠨᠠᠷᠡᠯᠡᠨ ᠠᠷᠠᠴᠢᠯᠠᠬᠤ᠂ ᠠᠷᠠᠴᠢᠯᠠᠵᠤ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ᠂ ᠵᠣᠭᠤᠰ ᠢᠶᠠᠷ ᠬᠥᠳᠡᠯᠮᠦᠷᠢ ᠶᠢ ᠣᠷᠣᠯᠠᠭᠤᠯᠬᠤ᠂ ᠠᠯᠪᠠᠨ ᠵᠢᠷᠤᠮ ᠤᠨ ᠤᠬᠠᠭᠤᠯᠭ᠎ᠠ᠂ ᠠᠯᠪᠠᠨ ᠵᠢᠷᠤᠮ ᠤᠨ ᠭᠠᠯ ᠰᠡᠷᠭᠡᠶᠢᠯᠡᠬᠦ᠂ ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ ᠵᠡᠷᠭᠡ ᠣᠯᠠᠨ ᠵᠦᠢᠯ ᠤᠨ ᠬᠡᠯᠪᠡᠷᠢ ᠲᠡᠰᠢ ᠬᠤᠪᠢᠷᠠᠭᠤᠯᠵᠤ᠂ ᠣᠯᠠᠨ ᠲᠦᠮᠡᠨ ᠤ ᠮᠣᠳᠣ ᠲᠠᠷᠢᠬᠤ ᠡᠭᠦᠷᠭᠡ ᠪᠠᠨ ᠭᠦᠢᠴᠡᠳᠬᠡᠬᠦ ᠳᠤ ᠳᠥᠭᠦᠮ ᠦᠵᠡᠭᠦᠯᠬᠦ ᠬᠡᠷᠡᠭᠲᠡᠶ᠃ ᠠᠯᠪᠠᠨ ᠵᠢᠷᠤᠮ ᠤᠨ ᠮᠣᠳᠣ ᠲᠠᠷᠢᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠤᠶᠠᠯᠳᠤᠭᠤᠯᠵᠤ᠂ ᠮᠠᠯᠴᠢᠨ ᠲᠦᠮᠡᠨ ᠢ ᠬᠦᠳᠦᠯᠦᠨ ᠵᠢᠯᠣᠭᠤᠳᠴᠤ ᠬᠦᠷᠢᠶ᠎ᠡ ᠬᠠᠰᠢᠶ᠎ᠠ ᠪᠠᠨ ᠨᠣᠭᠤᠭᠠᠷᠠᠭᠤᠯᠬᠤ ᠠᠵᠢᠯ ᠢ ᠥᠷᠨᠢᠭᠦᠯᠵᠦ᠂ ᠪᠣᠬᠢᠷᠲᠤᠯ ᠦᠭᠡᠢ ᠭᠡᠷ ᠣᠷᠣᠨ ᠢᠶᠠᠨ ᠡᠭᠦᠳᠦᠨ ᠪᠠᠶᠢᠭᠤᠯᠵᠤ᠂ ᠮᠣᠳᠣ ᠲᠠᠷᠢᠬᠤ ᠡᠭᠦᠷᠭᠡ ᠶᠢ ᠭᠦᠢᠴᠡᠳᠬᠡᠵᠦ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯ ᠢ ᠭᠦᠨᠵᠡᠭᠡᠶᠢᠷᠡᠭᠦᠯᠬᠦ ᠬᠡᠷᠡᠭᠲᠡᠢ᠃ ᠵᠣᠬᠢᠬᠤ ᠨᠠᠰᠤᠨ ᠤ ᠠᠷᠠᠳ ᠢᠷᠭᠡᠳ ᠤᠨ ᠠᠯᠪᠠᠨ ᠵᠢᠷᠤᠮ ᠤᠨ ᠮᠣᠳᠣ ᠲᠠᠷᠢᠬᠤ ᠪᠣᠯᠵᠤᠭ᠎ᠠ ᠶᠢ ᠳᠠᠩᠰᠠᠯᠠᠬᠤ᠂ ᠵᠣᠬᠢᠶᠠᠨ ᠪᠠᠶᠢᠭᠤᠯᠤᠨ ᠬᠠᠮᠢᠶᠠᠷᠬᠤ᠂ ᠲᠤᠭ᠎ᠠ ᠪᠦᠷᠢᠳᠬᠡᠯ ᠬᠢᠵᠦ ᠦᠨᠡᠮᠯᠡᠯ ᠣᠯᠭᠤᠬᠤ ᠵᠡᠷᠭᠡ ᠠᠵᠢᠯ ᠢ ᠨᠠᠷᠢᠨ ᠬᠢᠨᠠᠮᠠᠭᠠᠶ ᠥᠷᠨᠢᠭᠦᠯᠬᠦ ᠬᠡᠷᠡᠭᠲᠡᠶ᠃      ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠬᠤ ᠬᠡᠷᠡᠭᠲᠡᠢ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠱᠠᠲᠤᠨ ᠤ ᠤᠳᠤᠷᠢᠳᠬᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠦᠨᠡᠨᠬᠦ ᠰᠠᠶᠢᠲᠤᠷ ᠵᠣᠬᠢᠶᠠᠨ ᠪᠠᠶᠢᠭᠤᠯᠵᠤ᠂ ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠢ ᠪᠡᠯᠡᠳᠬᠡᠵᠦ᠂ ᠤᠳᠤᠷᠢᠳᠬᠤ ᠺᠠᠳ᠋ᠷ ᠤᠨ ᠠᠯᠪᠠᠨ ᠵᠢᠷᠤᠮ ᠤᠨ ᠮᠣᠳᠣ ᠲᠠᠷᠢᠬᠤ ᠳᠤ ᠲᠦᠷᠦᠭᠦᠯᠡᠨ ᠣᠷᠣᠯᠴᠠᠬᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠲᠤᠬᠠᠶ ᠶᠢᠨ ᠭᠠᠵᠠᠷ ᠤᠨ ᠪᠠᠶᠢᠭᠠᠯᠢ ᠶᠢᠨ ᠨᠥᠬᠦᠴᠡᠯ ᠢ ᠦᠨᠳᠦᠰᠦᠯᠡᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠲᠥᠪᠯᠡᠷᠡᠭᠦᠯᠦᠨ ᠵᠣᠬᠢᠶᠠᠨ ᠪᠠᠶᠢᠭᠤᠯᠵᠤ᠂ ︽ᠢᠨᠲ᠋ᠧᠷ ᠰᠦᠯᠵᠢᠶᠡᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ︾ ᠪᠠᠷ ᠭᠠᠷᠳᠠᠴᠠ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠠᠯᠪᠠᠨ ᠵᠢᠷᠤᠮ ᠤᠨ ᠮᠣᠳᠣ ᠳᠠᠷᠢᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠶᠢ ᠪᠥᠬᠦ ᠵᠢᠯ ᠤᠨ᠂ ᠣᠯᠠᠨ ᠡᠰᠢᠵᠢᠭᠰᠡᠨ᠂ ᠪᠠᠶᠢᠩᠭᠤᠵᠢᠭᠤᠯᠤᠯᠲᠠ ᠶᠢ ᠠᠬᠢᠭᠤᠯᠵᠤ᠂ ᠵᠣᠬᠢᠬᠤ ᠨᠠᠰᠤᠨ ᠤ ᠠᠷᠠᠳ ᠢᠷᠭᠡᠳ ᠤᠨ ᠬᠠᠷᠢᠭᠤᠴᠠᠯᠭ᠎ᠠ ᠪᠠᠨ ᠭᠦᠢᠴᠡᠳᠬᠡᠬᠦ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠰᠢᠭᠤᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃      ︵ᠬᠤᠶᠠᠷ︶ ᠠᠵᠢᠯᠯᠠᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠨᠢᠭᠡᠴᠡ ᠨᠦᠭᠦᠳ ᠰᠣᠨᠢᠨ ᠰᠡᠳᠬᠦᠯ᠂ ᠰᠦᠯᠵᠢᠶ᠎ᠡ᠂ ᠲᠧᠯᠸᠢᠰ ᠷᠠᠳᠢᠣ᠋ ᠨᠡᠪᠲᠡᠷᠡᠭᠦᠯᠭᠡ᠂ ᠰᠢᠯᠵᠢᠮᠡᠯ ᠵᠠᠭᠤᠴᠢᠯᠠᠭᠤᠷ᠂ ᠭᠡᠷ ᠤᠨ ᠭᠠᠳᠠᠨᠠᠬᠢ ᠳᠡᠯᠭᠡᠴᠡ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ ᠠᠵᠢᠯᠯᠠᠭ᠎ᠠ ᠶᠢᠨ ᠪᠦᠬᠦ ᠶᠠᠪᠤᠴᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯᠯᠠᠭ᠎ᠠ ᠶᠢᠨ ᠲᠥᠯᠥᠪᠯᠡᠭᠡ ᠶᠢ ᠵᠠᠭᠤᠴᠢᠯᠠᠭᠤᠷ ᠤᠨ ᠢᠯᠡᠷᠬᠡᠶ ᠣᠷᠣᠨ ᠪᠠᠶᠢᠷᠢ ᠪᠤᠶᠤ ᠰᠢᠵᠢᠷ ᠠᠯᠲᠠᠨ ᠴᠠᠭ ᠦᠶ᠎ᠡ ᠳᠤ ᠤᠷᠢᠳᠴᠢᠯᠠᠨ ᠨᠡᠶᠢᠲᠡᠯᠡᠵᠦ᠂ ᠦᠶ᠋ᠯᠡᠳᠦᠯ ᠢ ᠥᠷᠭᠡᠳᠬᠡᠨ᠂ ᠰᠠᠭᠤᠭᠠᠯᠢ ᠠᠷᠠᠳ ᠤᠨ ᠠᠵᠢᠯᠯᠠᠭ᠎ᠠ ᠳᠤ ᠣᠷᠣᠯᠴᠠᠬᠤ ᠶᠢ ᠥᠷᠭᠡᠨ ᠢᠶᠠᠷ ᠳᠠᠶᠢᠴᠢᠯᠠᠵᠤ᠂ ᠬᠠᠮᠲᠤ ᠶᠢᠨ ᠬᠦᠴᠦᠨ ᠢ ᠪᠦᠷᠢᠯᠳᠦᠭᠦᠯᠬᠦ ᠬᠡᠷᠡᠭᠲᠡᠶ᠃ ᠬᠤᠰᠢᠭᠤ ᠲᠠᠰ ᠤᠨ ᠵᠠᠭᠤᠴᠢᠯᠠᠭᠤᠷ ᠢᠶᠠᠷ ᠭᠤᠤᠯ ᠪᠣᠯᠭᠠᠵᠤ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠠᠮ ᠵᠠᠭᠤᠴᠢᠯᠠᠭᠤᠷ ᠤᠨ ᠲᠥᠪ ᠢ ᠵᠣᠬᠢᠶᠠᠨ ᠪᠠᠶᠢᠭᠤᠯᠤᠨ ᠡᠯ᠎ᠡ ᠰᠤᠮᠤ ᠪᠠᠯᠭᠠᠰᠤ ︵ᠲᠠᠯᠠᠪᠠᠶ︶ ᠳᠤ ᠭᠦᠨᠵᠡᠭᠡᠶᠢᠷᠡᠨ ᠰᠤᠷᠪᠤᠯᠵᠢᠯᠠᠨ ᠮᠡᠳᠡᠭᠡᠯᠡᠵᠦ᠂ ᠡᠯ᠎ᠡ ᠭᠠᠵᠠᠷ ᠤᠨ ᠣᠶᠢᠵᠢᠭᠤᠯᠵᠤ ᠨᠣᠭᠤᠭᠠᠷᠠᠭᠤᠯᠬᠤ ᠠᠵᠢᠯ ᠤᠨ ᠲᠣᠬᠢᠷᠠᠭᠤᠯᠤᠯᠲᠠ᠂ ᠭᠤᠤᠯᠳᠠᠯᠭ᠎ᠠ ᠲᠠᠢ ᠢᠨᠵᠧᠨᠧᠷᠢᠩ ᠪᠠ ᠣᠨᠴᠠᠯᠢᠭᠲᠤ ᠠᠷᠭ᠎ᠠ ᠬᠡᠮᠵᠢᠶ᠎ᠡ ᠶᠢ ᠤᠬᠠᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ︶ ᠲᠣᠰ ᠲᠣᠰ ᠤᠨ ᠣᠨᠴᠠᠯᠢᠭ ᠲᠠᠢ᠂ ᠬᠢᠯᠠᠰ ᠴᠡᠭ ᠲᠠᠢ ᠤᠶᠠᠯᠳᠤᠭᠤᠯᠤᠨ᠂ ᠤᠬᠠᠭᠤᠯᠬᠤ ᠠᠭᠤᠯᠭ᠎ᠠ᠂ ᠤᠬᠠᠭᠤᠯᠬᠤ ᠭᠤᠤᠯᠳᠠᠯᠭ᠎ᠠ᠂ ᠰᠤᠷᠪᠤᠯᠵᠢᠯᠠᠬᠤ ᠡᠲᠡᠭᠡᠳ ᠢ ᠲᠣᠭᠲᠠᠭᠠᠵᠤ᠂ ᠤᠬᠠᠭᠤᠯᠭ᠎ᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠬᠢᠨᠠᠯᠲᠠ ᠲᠠᠯᠪᠢᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃ ᠬᠤᠰᠢᠭᠤ ᠨᠣᠭᠤᠭᠠᠷᠠᠭᠤᠯᠤᠯᠲᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠤᠨ ᠠᠷᠠᠴᠢᠯᠠᠯᠲᠠ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠮᠣᠳᠣ ᠳᠠᠷᠢᠬᠤ ᠨᠣᠷᠮ᠎ᠠ ᠵᠢᠴᠢ ᠬᠠᠮᠢᠶᠠᠷᠴᠤ ᠬᠠᠮᠠᠭᠠᠯᠠᠬᠤ ᠶᠠᠰᠤ ᠴᠢᠨᠠᠷ ᠢ ᠦᠨᠡᠨᠬᠦ ᠪᠠᠲᠤᠯᠠᠬᠤ ᠶᠢᠨ ᠬᠠᠮᠲᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠵᠣᠬᠢᠬᠤ ᠨᠠᠰᠤᠨ ᠤ ᠬᠥᠮᠦᠰ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠶᠢᠨ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠴᠢᠬᠤᠯᠠᠴᠢᠯᠠᠭᠰᠠᠨ ᠢᠶᠠᠷ ᠬᠦᠷᠦᠯᠴᠡᠬᠦ ᠥᠬᠡᠶ᠂ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠥᠬᠡᠶ᠂ ᠦᠷ᠎ᠡ ᠪᠦᠲᠦᠮᠵᠢ ᠪᠠᠷ ᠢᠯᠡᠷᠬᠡᠶ ᠪᠢᠰᠢ ᠶᠢ ᠪᠥᠬᠦ ᠬᠤᠰᠢᠭᠤᠨ ᠤ ᠬᠡᠪᠴᠢᠶᠡᠨ ᠳᠤ ᠵᠠᠷᠯᠠᠨ ᠮᠡᠳᠡᠭᠳᠡᠬᠦ ᠬᠡᠷᠡᠭᠲᠡᠶ ᠭᠡᠵᠦ ᠱᠠᠭᠠᠷᠳᠠᠪᠠ᠃             2024 ᠣᠨ ᠤ 4 ᠰᠠᠷ᠎ᠠ ᠶᠢᠨ 19 ᠤ ᠡᠳᠦᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号