ᠪᠦᠬᠦ ᠬᠤᠰᠢᠭᠤᠨ ᠤ ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠪᠠ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/9
ᠡᠯ᠎ᠡ ᠰᠤᠮᠤ ᠪᠠᠯᠭᠠᠰᠤ ︵ᠲᠠᠯᠠᠪᠠᠢ︶ ᠶᠢᠨ ᠠᠷᠠᠳ ᠤᠨ ᠵᠠᠰᠠᠭ ᠤᠨ ᠣᠷᠳᠣᠨ ᠳᠤ᠄      ᠣᠷᠣᠨ ᠰᠠᠭᠤᠴᠠ ᠶᠢᠨ ᠭᠠᠵᠠᠷ ᠪᠣᠯ ᠮᠠᠯᠴᠢᠨ ᠲᠠᠷᠢᠶᠠᠴᠢᠨ ᠤ ᠠᠮᠤᠷ ᠲᠠᠶᠢᠪᠤᠩ ᠠᠵᠤ ᠲᠦᠷᠦᠭᠦ ᠪᠠ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠲᠣᠭᠲᠠᠭᠤᠨ ᠢ ᠪᠠᠲᠤᠯᠠᠬᠤ ᠴᠢᠬᠤᠯᠠ ᠰᠠᠭᠤᠷᠢ ᠮᠥᠨ᠂ ᠮᠠᠨ ᠤ ᠬᠤᠰᠢᠭᠤᠨ ᠤ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠪᠠ ᠭᠡᠷ ᠪᠠᠷᠢᠬᠤ ᠲᠥᠯᠥᠪᠵᠢᠭᠦᠯᠭᠡ ᠶᠢᠨ ᠵᠥᠪᠰᠢᠶᠡᠷᠡᠯ ᠤᠨ ᠬᠤᠯᠪᠣᠭᠳᠠᠯ ᠪᠦᠬᠦᠢ ᠠᠵᠢᠯ ᠢ ᠨᠢᠭᠡᠨᠲᠡ ᠡᠯ᠎ᠡ ᠰᠤᠮᠤ ᠪᠠᠯᠭᠠᠰᠤᠨ ᠳᠤ ᠬᠦᠷᠭᠡᠪᠡ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠶᠢᠨ ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠪᠠ ᠬᠢᠨᠠᠨ ᠵᠥᠪᠰᠢᠶᠡᠷᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠵᠢᠷᠤᠮᠵᠢᠭᠤᠯᠵᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ᠂ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ ᠵᠣᠭᠰᠣᠭᠠᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠪᠡ᠄      ᠨᠢᠭᠡ᠂ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ      ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ ᠪᠣᠯᠬᠤᠷ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ        ᠭᠦᠢᠴᠡᠳᠬᠡᠵᠦ᠂ ᠬᠤᠰᠢᠭᠤ ᠱᠠᠲᠤᠨ ᠤ ᠭᠤᠣᠯᠯᠠᠨ ᠵᠢᠯᠣᠭᠤᠳᠤᠭᠰᠠᠨ᠂ ᠰᠤᠮᠤ ᠪᠠᠯᠭᠠᠰᠤ ᠬᠠᠷᠢᠭᠤᠴᠠᠭᠰᠠᠨ᠂ ᠭᠠᠴᠠᠭ᠎ᠠ ᠪᠠᠷ ᠭᠤᠣᠯ ᠴᠣᠭᠴᠠ ᠪᠣᠯᠭᠠᠭᠰᠠᠨ ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠠᠵᠢᠯ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠵᠤ᠂ ᠮᠠᠯᠴᠢᠳ ᠤᠨ ︽ᠡᠷᠦᠬᠡ ᠪᠣᠯᠭᠠᠨ ᠳᠤ ᠣᠷᠣᠨ ᠰᠠᠭᠤᠴᠠ ᠲᠠᠢ︾ ᠪᠠᠶᠢᠬᠤ᠂ ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠬᠤ᠂ ᠵᠥᠷᠢᠴᠡᠯ ᠢ ᠲᠣᠬᠢᠲᠠᠶ ᠰᠢᠢᠳᠪᠦᠷᠢᠯᠡᠬᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ᠂ ᠮᠠᠯᠵᠢᠬᠤ ᠣᠷᠣᠨ ᠤ ᠲᠣᠭᠲᠠᠭᠤᠨ ᠬᠥᠭᠵᠢᠯᠲᠡ ᠳᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃      ᠰᠤᠮᠤ ᠪᠠᠯᠭᠠᠰᠤᠨ ᠤ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ︽ᠤᠷᠢᠳᠠᠪᠠᠷ ᠲᠥᠯᠥᠪᠵᠢᠭᠦᠯᠬᠦ᠂ ᠨᠢᠭᠡ ᠡᠷᠦᠬᠡ ᠳᠤ ᠨᠢᠭᠡ ᠣᠷᠣᠨ ᠰᠠᠭᠤᠴᠠ ᠪᠠᠷᠢᠬᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ︾ ᠵᠠᠷᠴᠢᠮ ᠢ ᠪᠠᠷᠢᠮᠲᠠᠯᠠᠨ᠂ ᠬᠦᠴᠦᠨ ᠢᠶᠠᠨ ᠲᠡᠭᠦᠯᠳᠡᠷᠵᠢᠭᠦᠯᠵᠦ᠂ ᠪᠠᠶᠢᠭᠤᠯᠤᠮᠵᠢ ᠪᠠᠨ ᠪᠦᠷᠢᠨᠰᠢᠬᠦᠯᠦᠨ᠂ ᠠᠵᠢᠯ ᠢᠶᠠᠨ ᠬᠢᠬᠦ ᠬᠥᠮᠦᠨ ᠲᠠᠢ᠂ ᠬᠠᠷᠢᠭᠤᠴᠠᠯᠭ᠎ᠠ ᠪᠠᠨ ᠡᠭᠦᠷᠭᠡᠯᠡᠬᠦ ᠬᠥᠮᠦᠨ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠮᠠᠨ ᠤ ᠬᠤᠰᠢᠭᠤᠨ ᠤ ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ 660 ᠲᠡᠭᠰᠢ ᠳᠥᠷᠪᠡᠯᠵᠢᠨ ᠮᠧᠲᠷ ᠠᠴᠠ ᠬᠡᠲᠦᠷᠡᠬᠦ ᠥᠬᠡᠶ ᠭᠠᠵᠠᠷ ᠬᠡᠷᠡᠭᠯᠡᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠪᠠ ᠡᠳᠦᠷ ᠲᠤᠲᠤᠮ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠪᠠ ᠬᠡᠷ ᠪᠠᠷᠢᠬᠤ ᠲᠥᠯᠥᠪᠵᠢᠭᠦᠯᠭᠡ ᠶᠢᠨ ᠵᠥᠪᠰᠢᠶᠡᠷᠡᠯ ᠤᠨ ᠬᠤᠯᠪᠣᠭᠳᠠᠯ ᠪᠥᠬᠦᠶ ᠠᠵᠢᠯ ᠢ ᠭᠥᠯᠢᠶᠡᠨ ᠠᠪᠴᠤ ᠳᠡᠶᠢᠯᠬᠦ᠂ ᠰᠠᠶᠢᠲᠤᠷ ᠬᠠᠮᠢᠶᠠᠷᠬᠤ ᠶᠢ ᠪᠠᠲᠤᠯᠠᠵᠤ᠂ ᠭᠠᠴᠠᠭᠠᠨ ᠤ ᠱᠠᠲᠤᠨ ᠤ ᠣᠷᠣᠨ ᠰᠠᠭᠤᠴᠠ ᠶᠢᠨ ᠭᠠᠵᠠᠷ ᠤᠨ ᠠᠷᠠᠳᠴᠢᠯᠠᠭᠰᠠᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠲᠡᠭᠦᠯᠳᠡᠷᠵᠢᠭᠦᠯᠬᠦ᠂ ᠣᠷᠣᠨ ᠰᠠᠭᠤᠴᠠ ᠶᠢᠨ ᠭᠠᠵᠠᠷ ᠤᠨ ᠭᠤᠶᠤᠴᠢᠯᠠᠯ ᠢ ᠬᠢᠨᠠᠨ ᠬᠠᠷᠭᠤᠭᠤᠯᠬᠤ ᠬᠤᠯᠪᠣᠭᠳᠠᠯ ᠪᠥᠬᠦᠶ ᠲᠦᠷᠢᠮ ᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠭᠠᠵᠠᠷ ᠢ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠷ ᠬᠤᠪᠢᠶᠠᠷᠢᠯᠠᠨ ᠬᠡᠷᠡᠭᠯᠡᠬᠦ ᠶᠢ  ᠵᠢᠯᠤᠭᠤᠳᠬᠤ ᠬᠡᠷᠡᠭᠲᠡᠢ᠃      ᠬᠤᠶᠠᠷ᠂ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠬᠤ ᠬᠡᠷᠡᠭᠲᠡᠶ      ᠮᠠᠯᠵᠢᠬᠤ ᠣᠷᠣᠨ ᠤ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠭᠠᠵᠠᠷ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ᠂ ᠬᠢᠨᠠᠨ ᠵᠥᠪᠰᠢᠶᠡᠷᠡᠬᠦ ᠠᠵᠢᠯ ᠤᠨ ᠳᠤᠮᠳᠠ᠂ ᠬᠤᠰᠢᠭᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠭᠤᠶᠤᠴᠢᠯᠠᠭᠴᠢ ᠶᠢᠨ ᠭᠤᠶᠤᠴᠢᠯᠠᠬᠤ ᠨᠥᠬᠦᠴᠡᠯ ᠳᠤ ᠨᠡᠶᠢᠴᠡᠬᠦ ᠡᠰᠡᠬᠦ᠂ ᠭᠠᠵᠠᠷ ᠬᠡᠷᠡᠭᠯᠡᠬᠦ ᠪᠠᠷ ᠪᠠᠶᠢᠭ᠎ᠠ ᠭᠠᠵᠠᠷ ᠨᠢ ᠵᠦᠶ ᠵᠣᠬᠢᠰᠲᠠᠶ ᠪᠠᠶᠢᠷᠢᠰᠢᠭᠤᠯᠤᠯᠲᠠ ᠶᠢᠨ ᠱᠠᠭᠠᠷᠳᠠᠯᠭ᠎ᠠ ᠪᠠ ᠲᠠᠯᠠᠪᠠᠶ ᠶᠢᠨ ᠪᠠᠷᠢᠮᠵᠢᠶ᠎ᠠ᠂ ᠣᠷᠣᠨ ᠰᠠᠭᠤᠴᠠ ᠶᠢᠨ ᠭᠠᠵᠠᠷ ᠪᠠ ᠭᠡᠷ ᠪᠠᠷᠢᠬᠤ ᠭᠤᠶᠤᠴᠢᠯᠠᠯ ᠨᠢ ᠭᠠᠴᠠᠭ᠎ᠠ ᠪᠠᠷ ᠬᠢᠨᠠᠨ ᠬᠠᠷᠭᠤᠭᠤᠯᠵᠤ ᠢᠯᠡ ᠨᠡᠶᠢᠲᠡᠯᠡᠭᠰᠡᠨ ᠡᠰᠡᠬᠦ ᠵᠡᠷᠭᠡ ᠶᠢ ᠬᠢᠨᠠᠨ ᠪᠠᠶᠢᠴᠠᠭᠠᠬᠤ ᠶᠢᠨ ᠬᠠᠮᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠶᠡᠷᠦᠩᠬᠡᠶᠢᠯᠡᠨ ᠳᠤᠷᠠᠳᠴᠤ ᠪᠣᠯᠤᠨ᠎ᠠ᠃ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠣᠶ ᠰᠢᠭᠤᠶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠭᠠᠷᠳᠠᠮ ᠭᠦᠢᠴᠡᠳᠬᠡᠬᠦ ᠶᠢ ᠬᠠᠷᠢᠭᠤᠴᠠᠨ᠎ᠠ᠃ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠡᠷᠡᠭᠯᠡᠬᠦ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠮᠠᠲ᠋ᠧᠷᠢᠶᠠᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠵᠤ᠂ ᠴᠢᠬᠤᠯᠠ ᠮᠠᠲ᠋ᠧᠷᠢᠶᠠᠯ ᠤᠨ ᠮᠠᠲ᠋ᠧᠷᠢᠶᠠᠯ ᠳᠤ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠵᠢᠭᠠᠪᠤᠷᠢ ᠠᠪᠬᠤ᠂ ᠬᠤᠰᠢᠭᠤ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠰᠠᠨᠠᠭᠤᠯᠭ᠎ᠠ ᠵᠡᠷᠭᠡ ᠠᠭᠤᠯᠭ᠎ᠠ ᠶᠢ ᠪᠠᠭᠲᠠᠭᠠᠵᠤ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠭᠰᠡᠨ ᠤ ᠳᠠᠷᠠᠭ᠎ᠠ ᠰᠤᠮᠤ ᠪᠠᠯᠭᠠᠰᠤᠨ ᠤ ᠵᠠᠰᠠᠭ ᠤᠨ ᠣᠷᠳᠣᠨ ᠠᠴᠠ ︽ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠂ ︽ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠵᠥᠪᠰᠢᠶᠡᠷᠡᠯ ᠤᠨ ᠪᠢᠴᠢᠭ︾ ᠢ ᠬᠢᠨᠠᠨ ᠣᠯᠭᠤᠬᠤ ᠶᠢᠨ ᠬᠠᠮᠲᠤ ᠵᠣᠬᠢᠰᠲᠠᠶ ᠠᠷᠭ᠎ᠠ ᠮᠠᠶ᠋ᠢᠭ ᠢᠶᠠᠷ ᠢᠯᠡ ᠪᠣᠯᠭᠠᠨ᠎ᠠ᠃ ᠰᠤᠮᠤ ᠪᠠᠯᠭᠠᠰᠤ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠣᠷᠣᠨ ᠤ ᠳᠣᠲᠣᠷ᠎ᠠ᠂ ᠬᠠᠮᠲᠤ ᠶᠢᠨ ᠭᠠᠵᠠᠷ ᠰᠢᠷᠣᠶ ᠶᠢ ᠬᠡᠷᠡᠭᠯᠡᠵᠦ ᠪᠦᠲᠦᠭᠡᠨ ᠪᠠᠶᠢᠭᠤᠯᠬᠤ ᠦᠢᠯᠡ ᠠᠵᠢᠯᠯᠠᠭ᠎ᠠ ᠳᠤ ᠴᠥᠮ      ︽ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠂ ︽ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠵᠥᠪᠰᠢᠶᠡᠷᠡᠯ ᠤᠨ ᠪᠢᠴᠢᠭ︾ ᠢ ᠬᠠᠤᠯᠢ ᠶᠣᠰᠣᠭᠠᠷ ᠬᠢᠨᠠᠨ ᠣᠯᠭᠤᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠵᠢᠴᠢ ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠵᠥᠪᠰᠢᠶᠡᠷᠡᠯ ᠤᠨ ᠪᠢᠴᠢᠭ ᠣᠯᠤᠭᠰᠠᠨ ᠦᠭᠡᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠬᠤ ᠦᠭᠡᠢ᠃      ᠰᠤᠮᠤ ᠪᠠᠯᠭᠠᠰᠤᠨ ᠤ ᠵᠠᠰᠠᠭ ᠤᠨ ᠣᠷᠳᠣᠨ ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠬᠡᠬᠦ ᠠᠴᠠ ᠡᠮᠦᠨ᠎ᠡ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠦᠨ ᠬᠢᠨᠠᠭᠤᠯᠵᠤ᠂ ᠬᠡᠷᠡᠭᠯᠡᠬᠦ ᠭᠠᠵᠠᠷ ᠤᠨ ᠬᠡᠷ ᠪᠠᠶᠢᠰᠢᠩ ᠪᠠᠷᠢᠬᠤ ᠨᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠤ ᠳᠠᠷᠠᠭ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ ᠨᠢ ᠵᠢᠯ ᠪᠦᠷᠢ ᠶᠢᠨ 4 ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠷᠣᠨ ᠰᠠᠭᠤᠴᠠ ᠶᠢᠨ ᠭᠠᠵᠠᠷ ᠤᠨ ᠬᠠᠮᠢᠶ᠎ᠠ ᠪᠥᠬᠦᠶ ᠭᠠᠵᠠᠷ ᠬᠡᠷᠡᠭᠯᠡᠬᠦ ᠲᠥᠯᠥᠪᠵᠢᠭᠦᠯᠭᠡ ᠶᠢᠨ ᠭᠠᠷᠳᠠᠮ ᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃ ᠲᠠᠷᠢᠶᠠᠨ ᠭᠠᠵᠠᠷ ᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠣᠶᠢᠲᠤ ᠭᠠᠵᠠᠷ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯ ᠭᠠᠵᠠᠷ ᠣᠷᠣᠨ ᠢ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃      ︽ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠂ ︽ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠵᠥᠪᠰᠢᠶᠡᠷᠡᠯ ᠤᠨ ᠪᠢᠴᠢᠭ︾ ᠪᠣᠯ ᠥᠯᠥ ᠬᠥᠳᠡᠯᠬᠦ ᠬᠥᠷᠥᠩᠭᠡ ᠶᠢᠨ ᠡᠷᠬᠡ ᠶᠢ ᠭᠦᠢᠴᠡᠳᠭᠡᠬᠦ ᠬᠠᠤᠯᠢ ᠪᠠᠷ ᠲᠣᠭᠲᠠᠭᠠᠭᠰᠠᠨ ᠴᠢᠬᠤᠯᠠ ᠮᠠᠲ᠋ᠧᠷᠢᠶᠠᠯ ᠪᠠᠶᠢᠵᠤ᠂ ᠭᠡᠷ ᠪᠠᠷᠢᠵᠤ ᠳᠠᠭᠤᠰᠤᠭᠰᠠᠨ ᠤ ᠳᠠᠷᠠᠭ᠎ᠠ᠂ ᠰᠤᠮᠤ ᠪᠠᠯᠭᠠᠰᠤᠨ ᠤ ᠵᠠᠰᠠᠭ ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠰᠢᠯᠭᠠᠨ ᠠᠪᠴᠤ᠂ ᠮᠠᠯᠵᠢᠬᠤ ᠡᠷᠦᠬᠡ ᠶᠢᠨ ᠵᠥᠪᠰᠢᠶᠡᠷᠡᠭᠰᠡᠨ ᠲᠠᠯᠠᠪᠠᠶ᠂ ᠳᠥᠷᠪᠡᠨ ᠬᠢᠵᠠᠭᠠᠷ ᠵᠡᠷᠭᠡ ᠶᠢᠨ ᠱᠠᠭᠠᠷᠳᠠᠯᠭ᠎ᠠ ᠶᠣᠰᠣᠭᠠᠷ ᠣᠷᠣᠨ ᠰᠠᠭᠤᠴᠠ ᠶᠢᠨ ᠭᠠᠵᠠᠷ ᠢ ᠬᠡᠷᠡᠭᠯᠡᠭᠰᠡᠨ ᠡᠰᠡᠬᠦ᠂ ᠵᠥᠪᠰᠢᠶᠡᠷᠡᠭᠰᠡᠨ ᠲᠠᠯᠠᠪᠠᠶ ᠪᠠ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠣᠷᠣᠨ ᠰᠠᠭᠤᠴᠠ ᠪᠠᠶᠢᠭᠤᠯᠤᠭᠰᠠᠨ ᠡᠰᠡᠬᠦ ᠶᠢ ᠲᠤᠬᠠᠶ ᠶᠢᠨ ᠭᠠᠵᠠᠷ ᠲᠤᠨᠢ ᠪᠠᠶᠢᠴᠠᠭᠠᠬᠤ ᠶᠢᠨ ᠬᠠᠮᠲᠤ ︽ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠪᠠ ᠭᠡᠷ ᠪᠠᠷᠢᠭᠰᠠᠨ ︵ᠲᠥᠯᠥᠪᠵᠢᠭᠦᠯᠭᠡ ᠶᠢᠨ ᠵᠥᠪᠰᠢᠶᠡᠷᠡᠯ︶ ᠶᠢ ᠰᠢᠯᠭᠠᠨ ᠠᠪᠬᠤ ᠰᠠᠨᠠᠯ ᠤᠨ        ᠬᠦᠰᠦᠨᠦᠭᠲᠦ︾ ᠭᠠᠷᠭᠠᠵᠤ ᠥᠭᠪᠡ᠃ ᠰᠢᠯᠭᠠᠨ ᠬᠤᠷᠢᠶᠠᠬᠤ ᠪᠠᠷ ᠳᠠᠮᠵᠢᠭᠠᠳ ᠪᠠᠶᠢᠭ᠎ᠠ ᠮᠠᠯᠵᠢᠬᠤ ᠡᠷᠦᠬᠡ ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠰᠠᠯᠠᠭ᠎ᠠ ᠮᠥᠴᠢᠷ ᠲᠤ ᠭᠤᠶᠤᠴᠢᠯᠠᠨ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠬᠢᠯᠭᠡᠵᠦ ᠪᠣᠯᠤᠨ᠎ᠠ᠃      ᠭᠤᠷᠪᠠ᠂ ᠮᠠᠯᠵᠢᠬᠤ ᠣᠷᠣᠨ ᠤ ᠳᠦᠷᠢ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠶ      ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠥᠯᠥᠪᠵᠢᠭᠦᠯᠭᠡ ᠶᠢ ᠬᠡᠷᠡᠭᠵᠢᠭᠦᠯᠬᠦ ᠵᠥᠪᠰᠢᠶᠡᠷᠡᠯ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠳᠤᠮᠳᠠ᠂ ᠣᠷᠣᠨ ᠰᠠᠭᠤᠴᠠ ᠶᠢᠨ ᠭᠠᠳᠠᠷ ᠳᠦᠷᠰᠦ ᠢᠯᠠᠩᠭᠤᠶ᠎ᠠ ᠭᠡᠷ ᠤᠨ ᠣᠷᠣᠶ ᠶᠢᠨ ᠬᠡᠯᠪᠡᠷᠢ᠂ ᠪᠠᠷᠢᠯᠭ᠎ᠠ ᠶᠢᠨ ᠦᠨᠳᠦᠷ᠂ ᠪᠤᠰᠤᠭ᠎ᠠ ᠲᠠᠯ᠎ᠠ ᠶᠢᠨ ᠬᠡᠯᠪᠡᠷᠢ᠂ ᠥᠩᠭᠡ ᠪᠤᠳᠤᠭ ᠤᠨ ᠵᠣᠬᠢᠴᠠᠭᠤᠯᠭ᠎ᠠ ᠶᠢ ᠨᠢᠭᠡᠳᠦᠯᠲᠡᠶ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠵᠤ ᠬᠠᠮᠢᠶᠠᠷᠬᠤ ᠴᠢᠬᠤᠯᠠ ᠵᠠᠷᠴᠢᠮ ᠪᠣᠯᠭᠠᠬᠤ ᠬᠡᠷᠡᠭᠲᠡᠶ᠃ ᠭᠠᠵᠠᠷ ᠣᠷᠣᠨ ᠤ ᠣᠨᠴᠠᠯᠢᠭ ᠢᠶᠠᠨ ᠢᠯᠡᠳᠬᠡᠬᠦ ᠶᠢ ᠴᠢᠩᠭᠠᠳᠬᠠᠬᠤ ᠶᠢᠨ ᠬᠠᠮᠲᠤ ᠭᠠᠴᠠᠭᠠᠨ ᠤ ᠪᠦᠬᠦᠯᠢ ᠴᠣᠭᠴᠠ ᠶᠢᠨ ᠬᠡᠪ ᠨᠠᠮᠪᠠ ᠯᠤᠭ᠎ᠠ ᠵᠣᠬᠢᠴᠠᠯᠳᠤᠭᠤᠯᠵᠤ᠂ ᠮᠠᠯᠴᠢᠳ ᠢ ᠬᠥᠲᠥᠯᠥᠨ ᠵᠢᠯᠣᠭᠤᠳᠴᠤ ᠴᠢᠨᠠᠷ ᠰᠠᠶᠢᠲᠠᠶ᠂ ᠪᠣᠳᠠᠲᠤ ᠬᠡᠷᠡᠭᠴᠡᠭᠡ ᠲᠠᠢ᠂ ᠠᠮᠤᠷ ᠲᠦᠪᠰᠢᠨ ᠣᠷᠣᠨ ᠰᠠᠭᠤᠴᠠ ᠪᠠᠶᠢᠭᠤᠯᠵᠤ᠂ ᠳᠤᠷ᠎ᠠ ᠪᠠᠷ ᠢᠶᠠᠨ ᠪᠠᠶᠢᠭᠤᠯᠬᠤ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠰᠢᠨ᠎ᠡ ᠪᠠᠷ ᠪᠠᠷᠢᠭᠰᠠᠨ ᠭᠡᠷ ᠪᠠᠶᠢᠰᠢᠩ ᠨᠢ ᠡᠷᠬᠡᠪᠰᠢ ᠨᠠᠯᠠᠤ ᠳᠡᠭᠡᠪᠦᠷ ᠤᠨ ᠭᠠᠳᠠᠷᠭᠤ ᠶᠢ ᠬᠡᠷᠡᠭᠯᠡᠵᠦ᠂ ᠪᠠᠷᠢᠯᠭ᠎ᠠ ᠶᠢᠨ ᠥᠨᠳᠥᠷ ᠤᠨ ᠬᠡᠮᠵᠢᠶ᠎ᠡ ᠨᠢ 3 ᠳᠠᠪᠬᠤᠷᠭ᠎ᠠ ᠠᠴᠠ ᠬᠡᠲᠦᠷᠡᠵᠦ ᠪᠣᠯᠬᠤ ᠦᠭᠡᠢ᠃ ᠡᠭᠦᠨ ᠳᠤ᠄ ᠤᠯᠤᠰ ᠤᠨ ᠪᠠ ᠮᠤᠵᠢ ᠶᠢᠨ ᠵᠠᠮ ᠤᠨ ᠬᠤᠶᠠᠷ ᠬᠠᠵᠠᠭᠤ ᠶᠢᠨ 500 ᠮᠧᠲᠷ ᠢᠶᠠᠷ ᠪᠠᠷᠢᠯᠭ᠎ᠠ ᠶᠢᠨ ᠡᠵᠡᠮᠰᠢᠯ ᠤᠨ ᠣᠷᠣᠨ ᠪᠣᠯᠭᠠᠵᠤ᠂ ᠰᠢᠨ᠎ᠡ ᠪᠠᠷ ᠣᠷᠣᠨ ᠰᠠᠭᠤᠴᠠ ᠶᠢᠨ ᠭᠠᠵᠠᠷ᠂ ᠫᠧᠩ ᠰᠠᠷᠠᠪᠴᠢ ᠵᠡᠷᠭᠡ ᠠᠮᠢᠳᠤᠷᠠᠯ ᠤᠨ ᠦᠢᠯᠡᠳᠪᠦᠷᠢᠯᠡᠯ ᠤᠨ ᠪᠡᠯᠡᠳᠬᠡᠮᠵᠢ ᠪᠠᠶᠢᠭᠤᠯᠬᠤ ᠶᠢ ᠴᠠᠭᠠᠵᠠᠯᠠᠬᠤ ᠬᠡᠷᠡᠭᠲᠡᠶ︔ ᠰᠢᠶᠠᠨ ᠰᠢᠶᠠᠩ ᠤᠨ ᠵᠠᠮ ᠤᠨ ᠬᠤᠶᠠᠷ ᠬᠠᠵᠠᠭᠤ ᠶᠢᠨ 300 ᠮᠧᠲᠷ ᠢ ᠪᠠᠷᠢᠯᠭ᠎ᠠ ᠶᠢᠨ ᠡᠵᠡᠮᠳᠡᠯ ᠤᠨ ᠣᠷᠣᠨ ᠪᠣᠯᠭᠠᠬᠤ ᠬᠡᠷᠡᠭᠲᠡᠶ︔ ᠬᠥᠳᠡᠭᠡ ᠲᠣᠰᠬᠤᠨ ᠤ ᠵᠠᠮ ᠤᠨ ᠬᠤᠶᠠᠷ ᠬᠠᠵᠠᠭᠤ ᠪᠠᠷ ᠪᠣᠳᠠᠲᠠᠶ ᠪᠠᠶᠢᠳᠠᠯ ᠢ ᠦᠵᠡᠵᠦ ᠲᠣᠭᠲᠠᠭᠠᠨ᠎ᠠ᠃ ᠣᠳᠣ ᠨᠢᠭᠡᠨᠲᠡ ᠪᠠᠷᠢᠯᠭ᠎ᠠ ᠶᠢᠨ ᠡᠵᠡᠮᠰᠢᠯ ᠤᠨ ᠣᠷᠣᠨ ᠤ ᠳᠣᠲᠣᠷᠠᠬᠢ ᠣᠷᠣᠨ ᠰᠠᠭᠤᠴᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠤᠯ ᠭᠠᠵᠠᠷ ᠢ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠ ᠳᠠᠬᠢᠨ ᠪᠠᠶᠢᠭᠤᠯᠬᠤ ᠶᠢ ᠵᠥᠪᠰᠢᠶᠡᠷᠡᠵᠦ ᠪᠣᠯᠬᠤ ᠦᠭᠡᠢ᠂ ᠳᠠᠬᠢᠨ ᠪᠠᠶᠢᠭᠤᠯᠬᠤ ᠴᠢᠬᠤᠯᠠᠲᠠᠢ ᠪᠣᠯ ᠡᠷᠬᠡᠪᠰᠢ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠡᠵᠡᠮᠰᠢᠯ ᠤᠨ ᠣᠷᠣᠨ ᠠᠴᠠ ᠭᠠᠳᠠᠨ᠎ᠠ ᠨᠡᠭᠦᠯᠭᠡᠬᠦ ᠬᠡᠷᠡᠭᠲᠡᠢ᠃ ᠡᠵᠡᠮᠰᠢᠯ ᠤᠨ ᠣᠷᠣᠨ ᠳᠤ ᠪᠦᠲᠦᠭᠡᠨ ᠪᠠᠶᠢᠭᠤᠯᠤᠯᠲᠠ ᠬᠢᠬᠦ ᠴᠢᠬᠤᠯᠠᠲᠠᠢ ᠪᠣᠯ ᠬᠤᠰᠢᠭᠤ  ᠲᠥᠯᠥᠪᠵᠢᠭᠦᠯᠭᠡ ᠶᠢᠨ ᠵᠥᠪᠯᠡᠯ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃      ︽ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠢ ᠬᠡᠷᠡᠭᠯᠡᠬᠦ ᠠᠮᠠᠯᠠᠯᠲᠠ ᠶᠢᠨ ᠪᠢᠴᠢᠭ︾ ᠲᠤ ᠬᠢᠨᠠᠨ ᠵᠥᠪᠰᠢᠶᠡᠷᠡᠬᠦ ᠬᠡᠪᠴᠢᠶ᠎ᠡ ᠵᠢᠴᠢ ᠰᠣᠩᠭᠤᠭᠰᠠᠨ ᠪᠠᠷᠢᠯᠭ᠎ᠠ ᠶᠢᠨ ᠶᠠᠩᠵᠤ ᠬᠡᠯᠪᠡᠷᠢ ᠪᠣᠯᠣᠨ ᠬᠡᠪ ᠨᠠᠮᠪᠠ ᠪᠠᠷ ᠪᠦᠲᠦᠭᠡᠨ ᠪᠠᠶᠢᠭᠤᠯᠬᠤ ᠠᠭᠤᠯᠭ᠎ᠠ ᠶᠢ ᠨᠡᠮᠡᠵᠦ᠂ ᠬᠢᠨᠠᠨ ᠵᠥᠪᠰᠢᠶᠡᠷᠡᠬᠦ ᠲᠥᠯᠥᠪᠵᠢᠭᠦᠯᠭᠡ ᠶᠢᠨ ᠶᠣᠰᠣᠭᠠᠷ ᠪᠦᠲᠦᠭᠡᠨ ᠪᠠᠶᠢᠭᠤᠯᠵᠤ ᠳᠡᠶᠢᠯᠦᠭᠰᠡᠨ ᠦᠭᠡᠶ ᠪᠣᠯ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠤᠰ ᠣᠷᠣᠨ ᠰᠠᠭᠤᠴᠠ ᠶᠢ ᠰᠢᠯᠭᠠᠨ ᠬᠤᠷᠢᠶᠠᠵᠤ ᠪᠣᠯᠬᠤ ᠦᠭᠡᠶ᠃ ᠰᠢᠨ᠎ᠡ ᠪᠠᠷ ᠪᠠᠶᠢᠭᠤᠯᠥᠠᠠᠰᠠᠨ ᠣᠷᠣᠨ ᠰᠠᠭᠤᠴᠠ ᠶᠢᠨ ᠭᠠᠵᠡᠷ ᠤᠨ ᠦᠷ᠎ᠠ ᠪᠦᠳᠦᠮᠵᠢ ᠲᠠᠢ ᠳᠥᠰᠥᠯ ᠪᠠ ᠪᠡᠷᠢᠯᠭ᠎ᠠ ᠶᠢᠨ ᠵᠢᠷᠤᠭ ᠳᠥᠯᠥᠪᠯᠡᠭᠡ ᠶᠢ ᠦᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ ᠠᠴᠠ ᠯᠠᠪᠯᠠᠯᠳᠡ ᠪᠤᠯᠭᠠᠨ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯᠵᠢᠬᠤ ᠳᠡᠷᠢᠶᠡᠯᠡᠬᠤ ᠣᠷᠣᠨ ᠤ ᠣᠷᠣᠨ ᠰᠠᠭᠤᠴᠠ ᠶᠢᠨ ᠬᠦᠷᠢᠶ᠎ᠡ ᠴᠡᠷᠠᠭ᠎ᠠ ᠶᠢᠨ ᠵᠢᠷᠣᠠᠠᠯᠠᠨ ᠳᠥᠯᠥᠪᠯᠡᠭᠰᠡᠨ ᠵᠢᠷᠤᠭ ᠤᠨ ᠲᠡᠭᠦᠪᠦᠷᠢ︾ ᠶᠢ ᠲᠠᠷᠣᠮᠠᠯᠯᠠᠨ ᠶᠠᠪᠤᠭᠤᠯᠬᠤ ᠪᠠᠷ ᠯᠠᠪᠯᠠᠯᠳᠡ ᠪᠤᠯᠭᠠᠨ ᠭᠡᠷᠡᠭᠵᠢᠬᠦᠯᠬᠦ ᠬᠡᠷᠡᠭᠲᠡᠶ᠃ ᠮᠠᠯᠴᠢᠳ ᠥᠨᠳᠥᠷ ᠴᠢᠨᠠᠷ ᠴᠢᠨᠰᠠᠭ᠎ᠠ ᠲᠠᠢ ᠣᠷᠣᠨ ᠰᠠᠭᠤᠴᠠ ᠶᠢᠨ ᠭᠠᠵᠠᠷ ᠤᠨ ᠲᠥᠰᠦᠯ ᠢ ᠵᠢᠷᠤᠵᠤ ᠲᠥᠯᠥᠪᠯᠡᠬᠦ ᠪᠠᠷ ᠥᠪᠡᠰᠦᠪᠡᠨ ᠨᠠᠶᠢᠳᠠᠵᠤ ᠪᠣᠯᠤᠨ᠎ᠠ᠂ ᠭᠡᠪᠡᠴᠦ ᠦᠷ᠎ᠡ ᠪᠦᠲᠦᠮᠵᠢ ᠶᠢᠨ ᠲᠥᠰᠦᠯ ᠢ ᠭᠠᠴᠠᠭᠠᠨ ᠤ ᠪᠦᠬᠦᠯᠢ ᠴᠣᠭᠴᠠ ᠶᠢᠨ ᠬᠡᠪ ᠰᠤᠷᠲᠠᠯ ᠲᠠᠢ ᠬᠠᠷᠢᠯᠴᠠᠨ ᠵᠣᠬᠢᠴᠠᠭᠤᠯᠵᠤ᠂ ᠣᠷᠣᠨ ᠨᠤᠲᠤᠭ ᠤᠨ ᠪᠣᠳᠠᠲᠤ ᠦᠷ᠎ᠡ ᠪᠦᠲᠦᠮᠵᠢ ᠲᠠᠢ ᠨᠡᠶᠢᠴᠡᠬᠦ ᠥᠬᠡᠶ ᠲᠥᠰᠦᠯ ᠢ ᠬᠡᠷᠡᠭᠯᠡᠬᠦ ᠶᠢ ᠴᠢᠩᠭ᠎ᠠ  ᠴᠠᠭᠠᠵᠠᠯᠠᠬᠤ ᠬᠡᠷᠡᠭᠲᠡᠢ᠃      ᠳᠥᠷᠪᠡ᠂ ᠳᠠᠩᠰᠠᠯᠠᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ      ᠰᠤᠮᠤ ᠪᠠᠯᠭᠠᠰᠤ ᠨᠢ ᠣᠷᠣᠨ ᠰᠠᠭᠤᠴᠠ ᠶᠢᠨ ᠭᠠᠵᠠᠷ ᠲᠤ ᠬᠡᠷᠡᠭᠯᠡᠬᠦ ᠭᠠᠵᠠᠷ ᠤᠨ ᠬᠡᠷ ᠪᠠᠶᠢᠰᠢᠩ ᠪᠠᠷᠢᠬᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠵᠤ᠂ ︽ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠂ ︽ᠮᠠᠯᠵᠢᠬᠤ ᠣᠷᠣᠨ ᠤ ᠣᠷᠣᠨ ᠰᠠᠭᠤᠴᠠ ᠶᠢᠨ ᠭᠠᠵᠠᠷ ᠤᠨ ᠵᠥᠪᠰᠢᠶᠡᠷᠡᠯ ᠤᠨ ᠪᠢᠴᠢᠭ︾ ᠵᠡᠷᠭᠡ ᠬᠤᠯᠪᠣᠭᠳᠠᠯ ᠪᠥᠬᠦᠶ ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠰᠡᠨ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠤᠨ ᠦᠯᠡᠳᠡᠭᠡᠬᠦ ᠶᠢᠨ ᠬᠠᠮᠲᠤ᠂ ᠬᠢᠨᠠᠨ ᠵᠥᠪᠰᠢᠶᠡᠷᠡᠭᠰᠡᠨ ᠪᠠᠶᠢᠳᠠᠯ ᠢᠶᠠᠨ ᠴᠠᠭ ᠲᠤᠬᠠᠶ ᠳᠤᠨᠢ ᠲᠠᠷᠢᠶᠠᠯᠠᠩ ᠮᠠᠯ ᠠᠵᠤ ᠠᠬᠤᠶ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ᠲᠠᠪᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ᠂ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠵᠤ ᠬᠠᠮᠢᠶᠠᠷᠤᠨ ᠡᠵᠡᠮᠳᠡᠬᠦ ᠶᠢ  ᠴᠢᠩᠭᠠᠳᠬᠠᠬᠤ ᠬᠡᠷᠡᠭᠲᠡᠢ      ︽ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ︾᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠰᠤᠮᠤ ᠪᠠᠯᠭᠠᠰᠤ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠥᠪ ᠤᠨ ᠠᠯᠪᠠᠨ ᠬᠡᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠥᠳᠡᠯᠦᠩᠭᠦᠶ ᠲᠣᠭᠤᠷᠢᠨ ᠪᠠᠶᠢᠴᠠᠭᠠᠬᠤ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠪᠠ᠃ ᠣᠷᠣᠨ ᠰᠠᠭᠤᠴᠠ ᠶᠢᠨ ᠭᠠᠵᠠᠷ ᠲᠤ ᠬᠤᠯᠪᠣᠭᠳᠠᠬᠤ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠡᠵᠡᠯᠡᠬᠦ ᠰᠢᠨ᠎ᠡ ᠦᠵᠡᠭᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠮᠠᠯᠵᠢᠬᠤ ᠣᠷᠣᠨ ᠳᠤ ᠣᠷᠣᠨ ᠰᠠᠭᠤᠴᠠ ᠶᠢᠨ ᠭᠠᠵᠠᠷ ᠬᠤᠳᠠᠯᠳᠤᠨ ᠠᠪᠬᠤ ᠶᠢ ᠴᠢᠩᠭ᠎ᠠ ᠴᠠᠭᠠᠵᠠᠯᠠᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠳᠡᠭᠡ ᠲᠣᠰᠬᠤᠨ ᠠᠴᠠ ᠬᠤᠳᠠᠯᠳᠤᠨ ᠠᠪᠬᠤ ᠪᠠ ᠬᠠᠤᠯᠢ ᠠᠴᠠ ᠵᠥᠷᠢᠴᠡᠨ ᠪᠠᠶᠢᠭᠤᠯᠤᠭᠰᠠᠨ ᠣᠷᠣᠨ ᠰᠠᠭᠤᠴᠠ ᠬᠤᠳᠠᠯᠳᠤᠨ ᠠᠪᠬᠤ ᠳᠤ ᠭᠠᠵᠠᠷ ᠰᠢᠷᠣᠶ ᠬᠡᠷᠡᠭᠯᠡᠬᠦ ᠦᠨᠡᠮᠯᠡᠯ ᠣᠯᠭᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠷᠭᠢᠯᠳᠦᠭᠦᠯᠦᠨ ᠰᠢᠯᠵᠢᠭᠦᠯᠬᠦ ᠨᠡᠷ᠎ᠡ ᠪᠠᠷ ᠬᠠᠤᠯᠢ ᠲᠣᠭᠲᠠᠭᠠᠯ ᠠᠴᠠ ᠵᠥᠷᠢᠴᠡᠨ ᠣᠷᠣᠨ ᠰᠠᠭᠤᠴᠠ ᠶᠢᠨ ᠭᠠᠵᠠᠷ ᠢ ᠬᠦᠷᠢᠶᠡᠯᠡᠨ ᠡᠵᠡᠯᠡᠬᠦ᠂ ᠬᠤᠳᠠᠯᠳᠤᠭᠠᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠰᠤᠮᠤ ᠪᠠᠯᠭᠠᠰᠤᠨ ᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠤᠮᠤ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠭᠠᠴᠠᠭᠠᠨ ᠤ ᠬᠤᠶᠠᠷ ᠵᠥᠪᠯᠡᠯ ᠤᠨ ᠣᠷᠣᠨ ᠰᠠᠭᠤᠴᠠ ᠶᠢᠨ ᠭᠠᠵᠠᠷ ᠤᠨ ᠠᠷᠠᠳᠴᠢᠯᠠᠭᠰᠠᠨ ᠬᠠᠮᠢᠶᠠᠷᠤᠯᠲᠠ ᠶᠢᠨ ᠲᠠᠰ ᠳᠠᠷᠠᠭᠠᠯᠠᠯ ᠢ ᠲᠡᠭᠦᠯᠳᠡᠷᠵᠢᠭᠦᠯᠬᠦ ᠶᠢ ᠵᠢᠯᠣᠭᠤᠳᠬᠤ ᠬᠡᠷᠡᠭᠲᠡᠶ᠃ ᠡᠭᠦᠨ ᠤ ᠬᠠᠮᠲᠤ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠭᠡᠶᠢᠯᠡᠬᠦ ᠪᠦᠲᠦᠮᠵᠢᠲᠡᠶ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠨᠡᠶᠢᠭᠡᠮ ᠤᠨ ᠣᠯᠠᠨ ᠨᠡᠶᠢᠲᠡ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃      ᠰᠤᠮᠤ ᠪᠠᠯᠭᠠᠰᠤ ᠨᠢ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠴᠢᠩᠭᠠᠷᠠᠭᠤᠯᠵᠤ᠂ ᠬᠥᠳᠡᠯᠦᠩᠭᠦᠶ ᠲᠣᠭᠤᠷᠢᠨ ᠪᠠᠶᠢᠴᠠᠭᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠶᠢ ᠦᠨᠡᠨᠬᠦ ᠴᠢᠩᠭᠠᠳᠬᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠳᠤ ᠴᠢᠩᠭ᠎ᠠ ᠪᠠᠶᠢᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ ᠳᠠᠯᠠᠨ ᠨᠠᠢᠮᠠᠳᠤᠭᠠᠷ ᠵᠦᠢᠯ ᠬᠥᠳᠡᠭᠡ ᠲᠣᠰᠬᠤᠨ ᠤ ᠲᠣᠰᠬᠤᠨ ᠤ ᠠᠷᠠᠳ ᠵᠥᠪᠰᠢᠶᠡᠷᠡᠯ ᠦᠭᠡᠶ ᠪᠤᠶᠤ ᠮᠡᠬᠡᠯᠡᠬᠦ ᠠᠷᠭ᠎ᠠ ᠪᠠᠷᠢᠯ ᠢᠶᠠᠷ ᠵᠥᠪᠰᠢᠶᠡᠷᠡᠯ ᠢ ᠮᠡᠬᠡᠯᠡᠨ ᠠᠪᠴᠤ᠂ ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠣᠷᠣᠨ ᠰᠠᠭᠤᠴᠠ ᠪᠠᠶᠢᠭᠤᠯᠤᠭᠰᠠᠨ ᠪᠣᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠣᠶ ᠶᠢ ᠪᠤᠴᠠᠭᠠᠯᠭᠠᠵᠤ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠣᠶ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠭᠡᠷ ᠪᠠᠶᠢᠰᠢᠩ ᠢ ᠨᠢ ᠬᠤᠭᠤᠴᠠᠭ᠎ᠠ ᠬᠢᠵᠠᠭᠠᠷᠯᠠᠨ       ᠨᠤᠷᠠᠭᠠᠯᠭᠠᠨ᠎ᠠ᠃      ᠵᠢᠷᠭᠤᠭ᠎ᠠ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠶ      ᠡᠯ᠎ᠡ ᠰᠣᠮᠣ ᠪᠠᠯᠭᠠᠰᠣᠨ ᠤ ᠵᠠᠰᠠᠭ ᠤᠨ ᠣᠷᠳᠣᠨ ᠡᠯ᠎ᠡ ᠵᠦᠢᠯ ᠤᠨ ᠣᠬᠠᠭᠤᠯᠭ᠎ᠠ ᠶᠢᠨ ᠵᠠᠭᠤᠴᠢᠯᠠᠭᠤᠷ ᠢ ᠠᠰᠢᠭᠯᠠᠵᠣ᠂ ᠮᠠᠯᠵᠢᠬᠤ ᠣᠷᠣᠨ ᠳᠤ ᠭᠡᠷ ᠪᠠᠷᠢᠬᠤ᠂ ᠬᠠᠣᠯᠢ ᠴᠠᠭᠠᠵᠠ ᠬᠠᠣᠯᠢ ᠲᠣᠭᠳᠠᠭᠠᠯ᠂ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠪᠠᠨ ᠴᠢᠩᠭᠠᠳᠬᠠᠵᠣ᠂ ᠭᠡᠷ ᠪᠠᠷᠢᠬᠤ ᠶᠢ ᠬᠢᠨᠠᠨ ᠵᠦᠪᠰᠢᠶᠡᠷᠡᠬᠦ ᠨᠦᠬᠦᠴᠡᠯ᠂ ᠬᠢᠨᠠᠨ ᠵᠦᠪᠰᠢᠶᠡᠷᠡᠬᠦ ᠶᠠᠪᠣᠴᠠ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠲᠣᠷᠬᠠᠢ ᠵᠢᠭᠠᠵᠣ᠂ ᠮᠠᠯᠴᠢᠳ ᠢ ᠵᠢᠯᠣᠭᠤᠳᠣᠨ ᠭᠠᠵᠠᠷ ᠢ ᠠᠷᠪᠢᠲᠠᠢ ᠡᠷᠴᠢᠮᠯᠢᠭ ᠬᠡᠷᠡᠭᠯᠡᠭᠦᠯᠵᠦ᠂ ᠬᠠᠣᠯᠢ ᠲᠣᠭᠳᠠᠭᠠᠯ ᠠᠴᠠ ᠵᠦᠷᠢᠴᠡᠨ ᠭᠡᠷ ᠪᠠᠷᠢᠬᠤ ᠠᠵᠢᠯᠯᠠᠭ᠎ᠠ ᠶᠢ ᠡᠷᠡᠰ ᠬᠤᠷᠢᠭᠯᠠᠨ᠎ᠠ᠃ ᠮᠠᠯᠴᠢᠳ ᠲᠤ ᠳᠦᠷᠢᠮ ᠲᠣᠭᠲᠠᠭᠠᠯ ᠢ ᠮᠡᠳᠡᠭᠦᠯᠵᠦ᠂ ᠲᠣᠭᠲᠠᠭᠠᠯ ᠶᠣᠰᠣᠭᠠᠷ ᠬᠢᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠡᠷᠬᠡ ᠰᠦᠷᠲᠦ ᠴᠢᠨᠠᠷ᠂ ᠲᠥᠪ ᠴᠢᠩᠭ᠎ᠠ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号