ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ(ᠰᠠᠨᠠᠯ ᠬᠤᠷᠢᠶᠠᠬᠤ ᠨᠤᠤᠷᠠᠭ)
ᠨᠡᠶᠢᠲᠡᠯᠡᠭᠰᠡᠨ ᠴᠠᠭ᠄
2024/7/9
      ᠨᠢᠭᠡᠳᠦᠭᠡᠷ ᠵᠦᠢᠯ  ᠬᠠᠳᠤᠯᠠᠩ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠦᠨᠢ ᠡᠬᠦᠷᠢᠳᠡ ᠠᠰᠢᠭᠯᠠᠨ᠂ ᠡᠪᠡᠰᠣ ᠬᠠᠳᠤᠬᠤ ᠠᠵᠢᠯᠯᠠᠭ᠎ᠠ ᠶᠢ ᠤᠯᠠᠮ ᠨᠢᠭᠡ ᠠᠯᠬᠤᠮ ᠳᠦᠷᠢᠮᠵᠢᠬᠦᠯᠵᠣ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠡᠷᠡᠭᠦᠯ ᠬᠦᠭᠵᠢᠯᠲᠡ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠣᠳᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠣ᠂ ᠪᠡᠯᠴᠢᠭᠡᠷ ᠰᠡᠷᠭᠦᠭᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠪᠠ ᠠᠶᠢᠮᠠᠭ ᠤᠨ ᠵᠠᠬᠢᠷᠭ᠎ᠠ ᠶᠢᠨ ︽ᠪᠠᠶᠢᠭᠠᠯᠢᠯᠢᠭ ᠬᠠᠳᠤᠯᠠᠩ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾(ᠰᠢᠯᠢ ᠵᠠᠬᠢᠷᠭ᠎ᠠ ᠠᠯᠪᠠᠨ ᠲᠠᠷᠬᠠᠭᠠᠭᠰᠠᠨ〔2016〕267 ᠲᠤᠭᠠᠲᠤ) ᠪᠠ《 ᠰᠢᠯᠢ ᠶᠢᠨ ᠭᠤᠤᠯ ᠠᠶᠢᠮᠠᠭ ᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠬᠦᠯᠬᠦ ᠬᠠᠮᠢᠶᠠᠷᠤᠯᠲᠠ ᠶᠢᠨ ᠠᠷᠭ᠎ᠠ》(ᠰᠢᠯᠢ ᠵᠠᠬᠢᠷᠭ᠎ᠠ ᠠᠯᠪᠠᠨ ᠲᠠᠷᠬᠠᠭᠠᠭᠰᠠᠨ〔2021〕16 ᠲᠤᠭᠠᠲᠤ) ᠶᠢ ᠦᠨᠳᠣᠰᠣᠯᠠᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠣᠰ ᠠᠷᠭ᠎ᠠ ᠶᠢ ᠵᠡᠭᠦᠨ ᠦᠵᠦᠮᠦᠴᠢᠨ ᠬᠤᠰᠢᠭᠤᠨ ᠤ ᠬᠢᠯᠢ ᠳᠣᠳᠣᠷᠠᠬᠢ ᠪᠠᠶᠢᠭᠠᠯᠢᠯᠢᠭ ᠬᠠᠳᠤᠯᠠᠩ ᠢ ᠬᠠᠮᠠᠭᠠᠯᠠᠬᠤ᠂ ᠪᠦᠲᠦᠭᠡᠨ ᠪᠠᠶᠢᠭᠤᠯᠬᠤ᠂ ᠬᠠᠮᠢᠶᠠᠷᠬᠤ ᠡᠯ᠎ᠡ ᠲᠦᠷᠦᠯ ᠤᠨ ᠡᠵᠡᠩᠨᠡᠯᠲᠡ ᠶᠢᠨ ᠭᠤᠤᠯ ᠴᠤᠭᠴᠠ ᠬᠢᠭᠡᠳ ᠡᠪᠡᠰᠦ ᠬᠠᠳᠤᠬᠤ ᠦᠢᠯᠡᠴᠢᠯᠡᠭᠡᠨ ᠤ ᠠᠩᠭᠢ ᠳᠤ ᠬᠡᠷᠡᠭᠯᠡᠨ᠎ᠡ᠃      ᠭᠤᠷᠪᠠᠳᠤᠭᠠᠷ ᠵᠦᠢᠯ  ᠪᠠᠶᠢᠭᠠᠯᠢᠯᠢᠭ ᠬᠠᠳᠤᠯᠠᠩ ᠢ ᠬᠠᠮᠢᠶᠠᠷᠬᠤ ᠳᠤ ᠳᠣᠣᠷᠠᠬᠢ ᠵᠠᠷᠴᠢᠮ ᠢ ᠡᠷᠬᠡᠪᠰᠢ ᠵᠢᠷᠤᠮᠯᠠᠬᠤ ᠬᠡᠷᠡᠭᠲᠡᠢ᠄      ︵ᠨᠢᠭᠡ︶ ᠬᠠᠮᠠᠭᠠᠯᠠᠬᠤ ᠶᠢ ᠲᠡᠷᠢᠭᠦᠨ ᠳᠤ ᠲᠠᠯᠪᠢᠵᠣ᠂ ᠰᠡᠯᠬᠦᠨ ᠬᠠᠳᠤᠬᠤ ᠴᠠᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠡᠯᠬᠦᠨ ᠬᠠᠳᠤᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂  ᠬᠡᠳᠣᠷᠡᠳᠡᠯ᠎ᠡ ᠬᠠᠳᠣᠬᠤ ᠵᠡᠷᠭᠡ ᠳᠡᠭᠡᠷᠡᠮᠳᠡᠯᠭᠡ ᠶᠢᠨ ᠴᠢᠨᠠᠷᠳᠠᠢ ᠡᠵᠡᠩᠨᠡᠯᠲᠡ ᠬᠢᠬᠦ ᠶᠢ ᠡᠷᠡᠰ ᠳᠡᠪᠴᠢᠬᠦ ᠬᠡᠷᠡᠭᠲᠡᠢ︔      ︵ᠬᠤᠶᠠᠷ︶ ᠬᠠᠮᠢᠶᠠᠷᠤᠯᠲᠠ ᠪᠠᠨ ᠴᠢᠩᠭᠠᠳᠬᠠᠵᠣ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠳᠣᠳᠣᠷᠬᠠᠶᠢᠯᠠᠨ᠂ ᠬᠠᠷᠢᠭᠤᠴᠠᠯᠭ᠎ᠠ ᠨᠡᠬᠡᠮᠵᠢᠯᠡᠬᠦ ᠪᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠣ᠂ ᠪᠠᠶᠢᠭᠠᠯᠢᠯᠢᠭ ᠬᠠᠳᠤᠯᠠᠩ ᠤᠨ ᠡᠬᠢ ᠪᠠᠶᠠᠯᠢᠭ ᠢ ᠬᠠᠤᠯᠢ ᠲᠣᠭᠲᠠᠭᠠᠯ ᠶᠣᠰᠣᠭᠠᠷ ᠬᠠᠮᠠᠭᠠᠯᠠᠬᠤ ᠬᠡᠷᠡᠭᠲᠠᠢ︔      ︵ᠭᠤᠷᠪᠠ︶ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠣ᠂ ᠵᠦᠢ ᠵᠣᠬᠢᠰᠲᠠᠢ ᠠᠰᠢᠭᠯᠠᠨ᠂ ᠪᠢᠲᠡᠭᠦᠮᠵᠢᠯᠡᠨ ᠪᠣᠶᠢᠵᠢᠭᠤᠯᠬᠤ ᠪᠠ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠭᠤᠯᠲᠠ ᠶᠢᠨ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠪᠠᠶᠢᠭᠠᠯᠢᠯᠢᠭ ᠬᠠᠳᠤᠯᠠᠩ ᠢ ᠦᠨᠢ ᠡᠬᠦᠷᠢᠳᠡ ᠠᠰᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠳᠥᠷᠪᠡᠳᠦᠭᠡᠷ ᠵᠦᠢᠯ   ᠡᠪᠡᠰᠦ ᠬᠠᠳᠤᠬᠤ ᠳᠤ ᠭᠤᠶᠣᠴᠢᠯᠠᠨ ᠳᠠᠩᠰᠠᠯᠠᠭᠤᠯᠬᠤ ᠳᠦᠷᠢᠮ ᠢ ᠭᠡᠷᠡᠭᠵᠢᠬᠦᠯᠬᠦ ᠭᠡᠷᠡᠭᠲᠠᠢ᠃      ︵ᠨᠢᠭᠡ︶ ᠵᠢᠯ ᠪᠦᠷᠢ ᠬᠠᠳᠣᠯᠠᠩ ᠤᠨ ᠲᠠᠯᠠᠪᠠᠢ ᠨᠢ 1000 ᠮᠣ᠋ ᠠᠴᠠ ᠳᠠᠪᠠᠭᠰᠠᠨ ᠮᠠᠯᠵᠢᠬᠤ ᠡᠷᠣᠭᠡ ᠪᠠ ᠨᠣᠳᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠪᠠᠨ ᠰᠢᠯᠵᠢᠬᠦᠯᠦᠨ ᠳᠦᠷᠢᠶᠡᠰᠣᠯᠡᠬᠦᠯᠦᠭᠰᠡᠨ ᠡᠪᠡᠰᠣ ᠬᠠᠳᠣᠬᠤ ᠮᠠᠯᠵᠢᠬᠤ ᠡᠷᠥᠭᠡ ︵ᠪᠤᠶᠤ ᠪᠤᠰᠤᠳ ᠡᠯ᠎ᠡ ᠡᠵᠡᠩᠨᠡᠯᠲᠡ ᠶᠢᠨ ᠭᠤᠤᠯ ᠴᠤᠭᠴᠠ︶ ᠨᠢ ᠣᠷᠢᠳᠴᠢᠯᠠᠨ ᠰᠤᠮᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠳᠤ ᠪᠠᠨ ᠭᠤᠶᠤᠴᠢᠯᠠᠯ ᠳᠡᠪᠰᠢᠬᠦᠯᠵᠣ᠂ ᠰᠣᠮᠣ ᠪᠠᠯᠭᠠᠰᠣᠨ  ᠤ ᠠᠷᠠᠳ ᠤᠨ ᠵᠠᠰᠠᠭ ᠤᠨ ᠣᠷᠳᠣᠨ ᠠᠴᠠ ︽ᠡᠪᠡᠰᠦ ᠬᠠᠳᠣᠬᠤ ᠦᠨᠡᠮᠯᠡᠯ︾ ᠪᠠ ︽ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠭᠦᠢᠴᠡᠳᠬᠡᠬᠦ ᠶᠢᠨ ᠬᠠᠮᠲᠤ ᠭᠠᠯ ᠰᠡᠷᠭᠡᠶᠢᠯᠡᠬᠦ᠂ ᠤᠨᠲᠠᠷᠠᠭᠠᠬᠤ ᠲᠥᠬᠦᠭᠡᠷᠦᠮᠵᠢ ᠶᠢ ᠢᠵᠢ ᠪᠦᠷᠢᠳᠦᠭᠦᠯᠬᠦ ᠭᠡᠷᠡᠭᠲᠠᠢ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠡᠪᠡᠰᠦ ᠬᠠᠳᠤᠬᠤ ᠪᠠᠷ ᠡᠷᠡᠮᠵᠡᠯᠡᠭᠰᠡᠨ ᠮᠠᠯᠵᠢᠬᠤ ᠡᠷᠦᠬᠡ︵ᠪᠤᠶᠤ ᠪᠤᠰᠤᠳ ᠡᠯ᠎ᠡ ᠡᠵᠡᠩᠨᠡᠯᠲᠡ ᠶᠢᠨ ᠭᠤᠤᠯ ᠴᠤᠭᠴᠠ︶ ᠶᠢ ᠲᠠᠩᠰᠠ ᠡᠪᠬᠡᠮᠡᠯ ᠪᠠᠶᠢᠭᠤᠯᠤᠨ ᠡᠮᠬᠢᠯᠡᠭᠰᠡᠨ ᠤ ᠳᠠᠷᠠᠭ᠎ᠠ ᠬᠤᠰᠢᠭᠤ ᠣᠢ ᠰᠢᠭᠤᠢ ᠪᠠ ᠨᠣᠳᠤᠭ ᠪᠡᠯᠴᠢᠭᠡᠷ ᠤᠨ ᠲᠣᠪᠴᠢᠶ᠎ᠠ ᠳᠤ ᠨᠢᠭᠡᠳᠦᠯᠲᠡᠢ ᠪᠠᠷ ᠮᠡᠳᠡᠬᠦᠯᠵᠣ ᠳᠠᠩᠰᠠᠯᠠᠭᠤᠯᠬᠤ ᠬᠡᠷᠡᠭᠲᠠᠢ᠃      ︵ᠬᠤᠶᠠᠷ︶ ᠡᠪᠡᠰᠦ ᠬᠠᠳᠤᠬᠤ ᠪᠠᠷ ᠡᠷᠡᠮᠡᠯᠵᠡᠯᠡᠬᠦ ᠳᠤ ᠬᠠᠳᠤᠯᠠᠩ ᠤᠨ ᠣᠷᠣᠨ ᠪᠠᠶᠢᠷᠢ᠂ ᠬᠠᠳᠣᠯᠠᠩ ᠤᠨ ᠲᠠᠯᠠᠪᠠᠢ᠂ ᠨᠣᠳᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠭᠡ ᠶᠢ ᠰᠢᠯᠵᠢᠬᠦᠯᠦᠭᠰᠡᠨ ᠲᠠᠯᠠᠪᠠᠢ᠂ ᠭᠤᠣᠷᠰᠣᠨ ᠤ ᠥᠨᠳᠥᠷ᠂ ᠡᠪᠡᠰᠣᠨ ᠦᠷ᠎ᠡ ᠶᠢᠨ ᠪᠦᠰᠡ ᠶᠢᠨ ᠥᠷᠭᠡᠨ ᠵᠢᠴᠢ ᠡᠪᠡᠰᠦ ᠬᠠᠳᠣᠬᠤ ᠴᠠᠭ ᠵᠡᠷᠭᠡ ᠶᠢ ᠲᠣᠳᠣᠷᠬᠠᠶᠢᠯᠠᠬᠤ ᠬᠡᠷᠡᠭᠲᠠᠢ᠃ ᠬᠠᠳᠤᠯᠠᠩ ᠤᠨ ᠲᠠᠯᠠᠪᠠᠢ ᠶᠢ ᠰᠢᠯᠵᠢᠭᠦᠯᠬᠦ ᠳᠤ ᠬᠤᠯᠪᠣᠭᠳᠠᠪᠠᠯ᠂ ᠡᠷᠬᠡᠪᠰᠢ ︽ᠰᠢᠯᠢ ᠶᠢᠨ ᠭᠤᠣᠯ ᠠᠶᠢᠮᠠᠭ ᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠬᠦᠯᠬᠦ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠶᠢᠨ ᠬᠠᠮᠲᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠰᠢᠯᠵᠢᠬᠦᠯᠬᠦ ᠬᠡᠯᠡᠯᠴᠡᠭᠡᠷ ᠬᠠᠩᠭᠠᠵᠤ ᠳᠠᠩᠰᠠᠯᠠᠭᠤᠯᠬᠤ ᠬᠡᠷᠡᠭᠲᠡᠶ᠃      ᠲᠠᠪᠤᠳᠤᠭᠠᠷ ᠵᠦᠢᠯ  ᠰᠡᠯᠬᠦᠨ ᠬᠠᠳᠤᠬᠤ ᠴᠠᠭ᠃ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠡᠯᠴᠢᠭᠡᠷ ᠤᠨ ᠲᠥᠷᠥᠯ ᠬᠡᠯᠪᠡᠷᠢ᠂ ᠠᠭᠤᠷ ᠠᠮᠢᠰᠬᠤᠯ ᠤᠨ ᠪᠠᠶᠢᠳᠠᠯ ᠵᠡᠷᠭᠡ ᠪᠣᠳᠠᠲᠤ ᠪᠠᠶᠢᠳᠠᠯ ᠢ ᠬᠦᠢᠴᠡᠳ ᠪᠣᠳᠣᠯᠬᠢᠯᠠᠵᠣ᠂ ᠰᠡᠯᠬᠦᠨ ᠬᠠᠳᠤᠬᠤ ᠪᠣᠳᠠᠲᠠᠢ ᠴᠠᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠵᠣ᠂ ᠵᠠᠰᠠᠭ ᠤᠨ ᠣᠷᠳᠣᠨ ᠤ ᠠᠯᠪᠠᠨ ᠭᠡᠷ ᠠᠴᠠ ᠠᠯᠪᠠᠨ ᠵᠠᠷᠯᠠᠯ ᠨᠡᠶᠢᠲᠡᠯᠡᠭᠰᠡᠨ ᠤ ᠳᠠᠷᠠᠭ᠎ᠠ᠂ ᠡᠪᠡᠰᠦ ᠬᠠᠳᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠪᠣᠯᠣᠨ᠎ᠠ᠃      ᠵᠢᠷᠭᠤᠳᠤᠭᠠᠷ ᠵᠦᠢᠯ  ᠰᠡᠯᠬᠦᠨ ᠬᠠᠳᠤᠬᠤ ᠳᠦᠷᠢᠮ᠄      ︵ᠨᠢᠭᠡ︶ ᠰᠡᠯᠬᠦᠨ ᠬᠠᠳᠤᠬᠤ ᠠᠷᠭ᠎ᠠ ᠮᠠᠶ᠋ᠢᠭ᠃ 1000  ᠮᠣ᠋ ᠠᠴᠠ ᠳᠡᠭᠡᠭᠰᠢ ᠬᠠᠳᠤᠯᠠᠩ ᠳᠤ ᠰᠡᠯᠬᠦᠨ ᠬᠠᠳᠣᠬᠤ ᠳᠦᠷᠢᠮ ᠢ ᠬᠡᠷᠡᠭᠵᠢᠬᠦᠯᠵᠣ᠂ ᠵᠢᠯ ᠠᠯᠣᠰᠯᠠᠨ ᠰᠡᠯᠬᠦᠨ ᠬᠠᠳᠣᠵᠣ ︵ᠲᠤᠬᠠᠶᠢᠯᠠᠪᠠᠯ᠄ ᠨᠢᠭᠡ ᠬᠡᠰᠡᠭ ᠬᠠᠳᠤᠯᠠᠩ ᠢ ᠡᠷᠬᠡᠪᠰᠢ ᠨᠢᠭᠡ ᠵᠢᠯ ᠠᠯᠤᠰᠯᠠᠭᠠᠳ ᠨᠢᠭᠡ ᠤᠳᠠᠭ᠎ᠠ ᠬᠠᠳᠤᠨ᠎ᠠ︶ ᠪᠤᠶᠤ ᠬᠤᠶᠠᠷ ᠬᠡᠰᠡᠭ ᠬᠤᠪᠢᠶᠠᠵᠤ ᠬᠤᠶᠠᠷ ᠵᠢᠯ ᠰᠡᠯᠭᠦᠨ ᠬᠠᠳᠤᠵᠤ(ᠲᠤᠬᠠᠶᠢᠯᠠᠪᠠᠯ᠄ ︽ᠲᠥᠪᠯᠡᠷᠡᠭᠦᠯᠦᠨ ᠵᠠᠯᠭᠠᠯᠳᠤᠭᠤᠯᠬᠤ᠂ ᠵᠣᠷᠪᠤᠰ ᠪᠠ ᠬᠡᠰᠡᠭ ᠢ ᠤᠶᠠᠯᠳᠤᠭᠤᠯᠬᠤ︾ ᠵᠠᠷᠴᠢᠮ ᠶᠣᠰᠣᠭᠠᠷ᠂ ᠠᠳᠠᠯᠢ ᠨᠢᠭᠡ ᠬᠠᠳᠤᠯᠠᠩ ᠳᠤ ᠬᠡᠰᠡᠭ ᠬᠤᠪᠢᠶᠠᠨ ︽ᠰᠡᠯᠭᠦᠨ ᠬᠠᠳᠤᠬᠤ︾ ᠶᠢ ᠬᠡᠷᠡᠭᠵᠢᠭᠦᠯᠵᠦ᠂ ᠬᠠᠳᠤᠯᠠᠩ ᠤᠨ ᠡᠵᠡᠩᠨᠡᠯᠲᠡ ᠶᠢᠨ ᠭᠤᠣᠯ ᠴᠣᠭᠴᠠ ᠨᠢ ᠵᠢᠯ ᠪᠦᠷᠢ ᠬᠠᠳᠤᠯᠠᠩ ᠤᠨ ᠶᠡᠷᠦᠩᠬᠡᠢ ᠲᠠᠯᠠᠪᠠᠢ ᠶᠢᠨ 1/2 ᠢ ᠬᠠᠳᠤᠬᠤ ᠪᠠᠷ ᠭᠤᠶᠤᠴᠢᠯᠠᠬᠤ ᠶᠢᠨ ᠬᠠᠮᠲᠤ ᠵᠢᠯ ᠪᠦᠷᠢ ᠦᠯᠡᠳᠡᠭᠰᠡᠨ 1/2 ᠶᠢᠨ ᠬᠠᠳᠤᠯᠠᠩ ᠤᠨ ᠲᠠᠯᠠᠪᠠᠢ ᠶᠢᠨ ᠬᠠᠳᠤᠯᠠᠩ ᠤᠨ ᠠᠵᠢᠯ ᠢ ᠵᠣᠭᠰᠣᠭᠠᠬᠤ ᠶᠢ ᠪᠠᠲᠤᠯᠠᠵᠤ᠂ ᠳᠡᠭᠡᠷ᠎ᠡ ᠵᠢᠯ ᠳᠤ ᠬᠠᠳᠤᠭᠰᠠᠨ ᠬᠠᠳᠤᠯᠠᠩ ᠢ ᠬᠤᠶᠠᠳᠤᠭᠠᠷ ᠵᠢᠯ ᠳᠤ ᠳᠠᠬᠢᠨᠲᠠ ᠬᠠᠳᠤᠬᠤ ᠶᠢ ᠴᠢᠩᠭ᠎ᠠ ᠴᠠᠭᠠᠵᠠᠯᠠᠨ᠎ᠠ)︔ 1000  ᠮᠣ᠋  ᠪᠠ 1000  ᠮᠣ᠋ ᠠᠴᠠ ᠪᠠᠭ᠎ᠠ ᠮᠠᠯᠴᠢᠳ ᠤᠨ ᠪᠡᠯᠡᠳᠭᠡᠯ ᠬᠠᠳᠣᠯᠠᠩ ᠳᠤ ᠰᠡᠯᠬᠦᠨ ᠬᠠᠳᠣᠬᠤ ᠳᠦᠷᠢᠮ ᠢ ᠬᠡᠷᠡᠭᠵᠢᠬᠦᠯᠬᠦ ᠦᠭᠡᠢ᠂ ᠬᠡᠪᠡᠴᠣ ᠲᠣᠰ ᠠᠷᠭ᠎ᠠ ᠶᠢᠨ ᠪᠣᠰᠣᠳ ᠲᠣᠭᠳᠠᠭᠠᠯ ᠢ ᠡᠷᠬᠡᠪᠰᠢ ᠭᠡᠷᠡᠭᠵᠢᠬᠦᠯᠬᠦ ᠭᠡᠷᠡᠭᠲᠠᠢ᠃      ︵ᠬᠤᠶᠠᠷ︶ ᠰᠡᠯᠬᠦᠨ ᠬᠠᠳᠤᠬᠤ ᠳᠦᠷᠢᠮ᠃ 300 ᠮᠧᠲᠷ ᠥᠷᠭᠡᠨ ᠬᠠᠳᠣᠬᠤ ᠪᠦᠷᠢ 20 ᠮᠧᠲᠷ ᠠᠴᠠ ᠦᠷᠭᠡᠨ ᠡᠪᠡᠰᠣᠨ ᠦᠷ᠎ᠡ ᠶᠢᠨ ᠪᠦᠰᠡ ᠦᠯᠡᠳᠡᠬᠡᠬᠦ ᠭᠡᠷᠡᠭᠲᠠᠢ᠃      ︵ᠭᠤᠷᠪᠠ︶ ᠡᠪᠡᠰᠣᠨ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ᠃ ᠮᠠᠨ ᠤ ᠬᠤᠰᠢᠭᠤᠨ ᠤ ᠨᠣᠳᠤᠭ ᠪᠡᠯᠴᠢᠭᠡᠷ ᠤᠨ ᠣᠨᠴᠠᠯᠢᠭ ᠪᠠ ᠭᠠᠵᠠᠷ ᠤᠨ ᠪᠠᠶᠢᠴᠠ ᠶᠢᠨ ᠨᠥᠬᠦᠴᠡᠯ ᠢ ᠦᠨᠳᠦᠰᠦᠯᠡᠵᠦ᠂ ᠬᠠᠳᠤᠯᠠᠩ ᠤᠨ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠶᠢ 6 ᠰᠠᠨᠲ᠋ᠢᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠃      ︵ᠳᠦᠷᠪᠡ︶ ᠡᠪᠡᠰᠣ ᠬᠠᠮᠣᠬᠤ ᠮᠠᠰᠢᠨ ᠤ ᠱᠠᠭᠠᠷᠳᠠᠯᠭ᠎ᠠ᠃ ᠬᠥᠷᠥᠰᠥ ᠰᠢᠷᠣᠢ᠂ ᠴᠢᠭᠢᠭ ᠣᠰᠣ ᠶᠢ ᠬᠠᠮᠠᠭᠠᠯᠠᠬᠤ ᠶᠢᠨ ᠲᠥᠯᠥᠭᠡ᠂ ᠡᠪᠡᠰᠣ ᠬᠠᠮᠣᠬᠤ ᠮᠠᠰᠢᠨ ᠤ ᠠᠷᠠᠭ᠎ᠠ ᠶᠢ ᠭᠠᠵᠠᠷ ᠤᠨ ᠭᠠᠳᠠᠷᠭᠤ ᠲᠠᠢ ᠵᠡᠷᠭᠡᠴᠡᠭᠦᠯᠵᠦ᠂ ᠬᠡᠲᠦᠷᠡᠲᠡᠯ᠎ᠡ ᠬᠠᠮᠣᠬᠤ ᠪᠣᠶᠣ ᠬᠠᠭᠳᠠ ᠡᠪᠡᠰᠦᠨ ᠤ ᠵᠦᠢᠯ ᠢ ᠬᠠᠮᠣᠬᠤ ᠶᠢ ᠴᠢᠩᠭ᠎ᠠ ᠴᠠᠭᠠᠵᠠᠯᠠᠵᠣ᠂ ᠨᠣᠳᠤᠭ ᠪᠡᠯᠴᠢᠭᠡᠷ ᠢ ᠮᠠᠭᠤᠳᠠᠭᠤᠯᠬᠤ ᠠᠴᠠ ᠵᠠᠶᠢᠯᠠᠰᠬᠢᠬᠦ ᠬᠡᠷᠡᠭᠲᠡᠢ᠃      ᠳᠣᠯᠣᠳᠤᠭᠠᠷ ᠵᠦᠢᠯ  ᠣᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ 30% ᠬᠦᠷᠬᠦ ᠦᠭᠡᠢ᠂ ᠡᠪᠡᠰᠦᠨ ᠤ ᠳᠤᠮᠳᠠᠴᠢ ᠥᠨᠳᠥᠷ 15 ᠰᠠᠨᠲ᠋ᠢᠮᠧᠲᠷ ᠬᠦᠷᠬᠦ ᠦᠭᠡᠢ᠂ ᠬᠠᠭᠤᠷᠠᠢ ᠡᠪᠡᠰᠦᠨ ᠤ ᠮᠣ᠋ ᠪᠦᠷᠢ ᠶᠢᠨ ᠤᠨᠠᠯᠲᠠ ᠨᠢ 30 ᠺᠢᠯᠤᠭ᠍ᠷᠠᠮ ᠬᠦᠷᠬᠦ ᠦᠭᠡᠢ ᠬᠠᠳᠤᠯᠠᠩ ᠳᠤ ᠡᠪᠡᠰᠣ ᠬᠠᠳᠤᠬᠤ ᠶᠢ ᠴᠠᠭᠠᠵᠠᠯᠠᠨ᠎ᠠ᠃      ᠨᠠᠢᠮᠠᠳᠤᠭᠠᠷ ᠵᠦᠢᠯ  ᠡᠪᠡᠰᠦ ᠬᠠᠳᠣᠬᠤ ᠳᠤ ᠳᠣᠣᠷᠠᠬᠢ ᠦᠢᠯᠡ ᠠᠵᠢᠯᠯᠠᠭ᠎ᠠ ᠶᠢ ᠴᠠᠭᠠᠵᠠᠯᠠᠬᠤ ᠬᠡᠷᠡᠭᠲᠠᠢ᠄      (ᠨᠢᠭᠡ)ᠥᠭᠡᠷᠡᠴᠢᠯᠡᠨ ᠵᠠᠰᠠᠭᠰᠠᠨ ᠪᠠ ᠨᠣᠳᠤᠭ ᠪᠡᠯᠴᠢᠭᠡᠷ ᠢ ᠡᠪᠳᠡᠬᠦ ᠡᠪᠡᠰᠦ ᠬᠠᠳᠤᠬᠤ᠂ ᠬᠠᠮᠣᠬᠤ ᠮᠠᠰᠢᠨ ᠢ ᠬᠡᠷᠡᠭᠯᠡᠵᠦ ᠪᠣᠯᠬᠤ ᠦᠭᠡᠢ᠂ ᠲᠠᠪᠠᠭᠳᠣ ᠬᠡᠯᠪᠡᠷᠢ ᠶᠢᠨ ᠡᠪᠡᠰᠦ ᠬᠠᠮᠣᠬᠤ ᠮᠠᠰᠢᠨ ᠭᠡᠷᠡᠭᠯᠡᠬᠦ ᠶᠢ        ᠴᠠᠭᠠᠵᠠᠯᠠᠨ᠎ᠠ᠃      ︵ᠬᠤᠶᠠᠷ︶ ᠲᠣᠮᠣ ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠨᠢ ᠵᠢᠭᠠᠨ ᠳᠣᠭᠳᠠᠭᠠᠭᠰᠠᠨ ᠪᠣᠭᠤᠯᠲᠠ ᠲᠠᠢ ᠡᠪᠡᠰᠣ ᠬᠤᠷᠢᠶᠠᠬᠤ ᠭᠠᠵᠠᠷ ᠠᠴᠠ ᠳᠡᠭᠡᠭᠡᠬᠦ ᠬᠡᠷᠡᠭᠲᠡᠢ᠂ ᠬᠠᠳᠤᠯᠠᠩ ᠳᠤ ᠣᠷᠣᠵᠤ ᠡᠪᠡᠰᠦ ᠳᠡᠭᠡᠭᠡᠬᠦ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠡᠪᠡᠰᠦ ᠬᠠᠳᠤᠬᠤ ᠲᠡᠷᠭᠡ ᠬᠥᠰᠬᠡ ᠶᠢᠨ ᠳᠤᠷ᠎ᠠ ᠪᠠᠷ ᠢᠶᠠᠨ ᠨᠤᠲᠤᠭ ᠪᠡᠯᠴᠢᠭᠡᠷ ᠢ ᠳᠠᠷᠤᠬᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠴᠠᠭᠠᠵᠠᠯᠠᠨ᠎ᠠ᠃      ︵ᠲᠦᠷᠪᠡ︶ ᠡᠪᠡᠰᠦ ᠬᠠᠳᠤᠬᠤ ᠦᠶ᠎ᠡ ᠳᠤ᠂ ︽ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠥᠪᠰᠢᠶᠡᠷᠡᠯ ᠤᠨ ᠦᠨᠡᠮᠯᠡᠯ︾ ᠪᠤᠶᠤ ᠭᠠᠯ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠲᠣᠬᠢᠷᠠᠭᠤᠯᠤᠭᠰᠠᠨ ᠦᠭᠡᠶ ᠪᠣᠯ ᠡᠪᠡᠰᠦ ᠬᠠᠳᠤᠬᠤ ᠶᠢ ᠴᠢᠩᠭ᠎ᠠ ᠴᠠᠭᠠᠵᠠᠯᠠᠨ᠎ᠠ᠃      ᠶᠢᠰᠦᠳᠦᠭᠡᠷ ᠵᠦᠢᠯ  ︽ᠵᠡᠭᠦᠨ ᠦᠵᠦᠮᠦᠴᠢᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵2021— 2025 ᠣᠨ︶︾ ᠢ ᠦᠨᠳᠦᠰᠦᠯᠡᠨ᠂ ᠬᠠᠳᠤᠯᠠᠩ ᠢ ᠨᠢᠭᠡᠨᠳᠡ ᠰᠡᠯᠬᠦᠨ ᠬᠠᠳᠣᠬᠤ᠂ ᠪᠡᠯᠴᠢᠭᠡᠷᠯᠡᠬᠦᠯᠬᠦ ᠶᠢ ᠴᠠᠭᠠᠵᠠᠯᠠᠬᠤ ᠣᠷᠣᠨ ᠢᠶᠠᠷ ᠳᠣᠭᠳᠠᠭᠠᠭᠰᠠᠨ ᠪᠠᠶᠢᠪᠠᠯ᠂ ᠬᠠᠳᠣᠯᠠᠩ ᠳᠤ ᠪᠡᠯᠴᠢᠭᠡᠷᠯᠡᠭᠦᠯᠬᠦ ᠶᠢ ᠴᠠᠭᠠᠵᠠᠯᠠᠨ᠎ᠠ᠃      ᠠᠷᠪᠠᠳᠤᠭᠠᠷ ᠵᠦᠢᠯ  ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠶ᠎ᠠ ᠣᠷᠣᠨ ᠤ ᠳᠣᠲᠣᠷᠠᠬᠢ ᠬᠠᠳᠤᠯᠠᠩ ᠤᠨ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢ ᠰᠠᠶᠢᠲᠤᠷ ᠬᠢᠬᠦ ᠶᠢᠨ ᠬᠠᠮᠲᠤ GPS ᠣᠷᠣᠨ ᠪᠠᠶᠢᠷᠢ ᠲᠣᠭᠲᠠᠭᠠᠵᠤ᠂ ᠡᠯᠧᠺᠲᠷᠣᠨ ᠲᠠᠩᠰᠠ ᠡᠪᠬᠡᠮᠡᠯ ᠪᠠᠶᠢᠭᠤᠯᠤᠨ᠂ ᠺᠣᠮᠫᠢᠦ᠋ᠲ᠋ᠧᠷ ᠢᠶᠠᠷ ᠬᠠᠮᠢᠶᠠᠷᠬᠤ ᠶᠢ ᠬᠡᠷᠡᠭᠵᠢᠭᠦᠯᠵᠦ᠂ ᠬᠤᠰᠢᠭᠤ ᠣᠶ ᠰᠢᠭᠤᠢ ᠪᠠ  ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃      ᠠᠷᠪᠠᠨ ᠨᠢᠭᠡᠳᠦᠭᠡᠷ ᠵᠦᠢᠯ   ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠳᠤ ᠬᠤᠯᠪᠣᠭᠳᠠᠪᠠᠯ᠂ ︽ᠰᠢᠯᠢ ᠶᠢᠨ ᠭᠤᠤᠯ ᠠᠶᠢᠮᠠᠭ ᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠨᠤᠲᠤᠭ ᠪᠡᠯᠴᠢᠭᠡᠷ ᠢ ᠰᠢᠯᠵᠢᠭᠦᠯᠬᠦ ᠭᠡᠷ᠎ᠡ ᠶᠢ ᠬᠠᠤᠯᠢ ᠶᠣᠰᠣᠭᠠᠷ ᠲᠣᠭᠲᠠᠵᠤ᠂ ᠬᠠᠳᠤᠬᠤ ᠴᠠᠭ ᠬᠤᠭᠤᠴᠠᠭ᠎ᠠ ᠵᠢᠴᠢ ᠬᠠᠳᠤᠬᠤ ᠳᠦᠷᠢᠮ ᠢ ᠲᠣᠳᠣᠷᠬᠠᠶᠢᠯᠠᠵᠤ᠂ ᠡᠪᠡᠰᠦ ᠬᠠᠳᠤᠬᠤ ᠲᠠᠯᠠᠪᠠᠶ ᠶᠢ ᠳᠠᠩᠰᠠᠯᠠᠨ ᠲᠡᠮᠳᠡᠭᠯᠡᠬᠦ ᠪᠠ ᠬᠠᠮᠠᠭᠠᠯᠠᠨ ᠬᠠᠮᠢᠶᠠᠷᠬᠤ ᠵᠡᠷᠭᠡ ᠳᠦᠷᠢᠮ ᠢ ᠬᠢᠨᠠᠮᠠᠭᠠᠶ ᠭᠦᠢᠴᠡᠳᠬᠡᠬᠦ ᠬᠡᠷᠡᠭᠲᠡᠶ᠃      ᠠᠷᠪᠠᠨ ᠬᠤᠶᠠᠳᠤᠭᠠᠷ ᠵᠦᠢᠯ   ᠬᠤᠳᠠᠯᠳᠣᠭᠠᠨ ᠤ ᠬᠠᠳᠤᠯᠠᠩ ᠢ ᠴᠢᠩᠭ᠎ᠠ ᠲᠦᠷᠢᠮᠵᠢᠬᠦᠯᠬᠦ ᠭᠡᠷᠡᠭᠲᠠᠢ᠃ ᠲᠤᠰᠬᠠᠢ ᠡᠪᠡᠰᠦ ᠬᠠᠳᠤᠬᠤ ᠠᠩᠭᠢ᠂ ᠡᠪᠡᠰᠦᠨ ᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠵᠡᠷᠭᠡ ᠬᠤᠳᠠᠯᠳᠤᠭᠠᠨ ᠤ ᠡᠪᠡᠰᠦ ᠬᠠᠳᠤᠬᠤ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠡᠵᠡᠩᠨᠡᠯᠲᠡ ᠶᠢᠨ ᠭᠤᠣᠯ ᠴᠤᠭᠴᠠ ᠶᠢᠨ ᠡᠪᠡᠰᠦ ᠬᠠᠳᠤᠬᠤ ᠪᠠᠷ ᠡᠵᠡᠩᠨᠡᠯᠲᠡ ᠶᠢᠨ ᠠᠷᠭ᠎ᠠ ᠪᠠᠷᠢᠯ ᠪᠣᠯᠭᠠᠭᠰᠠᠨ ᠬᠤᠳᠠᠯᠳᠣᠭᠠᠨ ᠤ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠮᠢᠶᠠᠷᠴᠦ᠂ ᠳᠡᠭᠡᠷᠡᠮᠳᠡᠯᠭᠡ ᠶᠢᠨ ᠴᠢᠨᠡᠷᠳᠡᠢ ᠡᠵᠡᠩᠨᠡᠯᠲᠡ ᠬᠢᠬᠦ ᠠᠴᠠ ᠵᠠᠶᠢᠯᠠᠰᠬᠢᠭᠦ ᠬᠡᠷᠡᠭᠲᠡᠢ᠃      ᠠᠷᠪᠠᠨ ᠭᠤᠷᠪᠠᠳᠤᠭᠠᠷ ᠵᠦᠢᠯ   ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠡᠪᠡᠰᠦ ᠬᠠᠳᠤᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠤᠷᠭᠤᠮᠠᠯ ᠤᠨ ᠪᠦᠷᠬᠦᠴᠡ ᠶᠢ ᠨᠡᠯᠢᠶᠡᠳ ᠰᠠᠶᠢᠨ ᠰᠡᠷᠭᠦᠭᠡᠭᠰᠡᠨ ᠪᠣᠯ᠂ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠦᠨᠡᠯᠡᠨ ᠵᠢᠱᠢᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠠᠭᠠᠯᠠᠯᠲᠠ ᠶᠢᠨ ᠴᠢᠨᠠᠷᠲᠠᠶ ᠡᠪᠡᠰᠦ ᠬᠠᠳᠤᠵᠤ ᠪᠣᠯᠤᠨ᠎ᠠ᠃ ᠬᠠᠮᠠᠭᠠᠯᠠᠯᠲᠠ ᠶᠢᠨ ᠴᠢᠨᠠᠷᠲᠠᠶ ᠡᠪᠡᠰᠦ ᠬᠠᠳᠤᠬᠤ ᠠᠵᠢᠯ ᠤᠨ ᠳᠠᠷᠠᠭ᠎ᠠ᠂ ᠬᠤᠶᠠᠷ ᠵᠢᠯ ᠤᠨ ᠳᠣᠲᠣᠷ᠎ᠠ ᠡᠪᠡᠰᠦ ᠬᠠᠳᠤᠬᠤ ᠶᠢ ᠴᠠᠭᠠᠵᠠᠯᠠᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ᠢ ᠦᠨᠳᠦᠰᠦᠯᠡᠪᠡᠯ᠂ ᠤᠯᠠᠭᠠᠢ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯ ᠣᠷᠣᠨ ᠳᠤ ᠡᠪᠡᠰᠦ ᠬᠠᠳᠤᠬᠤ ᠠᠵᠢᠯ ᠢ ᠴᠠᠭᠠᠵᠠᠯᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ  ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠵᠢᠯ ᠪᠦᠷᠢ ᠡᠪᠡᠰᠣ ᠬᠠᠳᠣᠬᠤ ᠠᠴᠠ ᠡᠮᠣᠨ᠎ᠡ ᠨᠡᠶᠢᠭᠡᠮ ᠠᠴᠠ ᠦᠢᠯᠡᠴᠢᠯᠡᠭᠡ ᠬᠤᠳᠠᠯᠳᠣᠨ ᠠᠪᠬᠤ ᠬᠡᠯᠪᠡᠷᠢ ᠪᠠᠷ᠂ ᠬᠠᠳᠤᠯᠠᠩ  ᠤᠨ ᠠᠰᠢᠭᠯᠠᠯᠲᠠ ᠶᠢᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠥᠳᠡᠯᠦᠩᠭᠦᠢ ᠬᠢᠨᠠᠨ ᠬᠡᠮᠵᠢᠯᠲᠡ ᠬᠢᠵᠦ᠂ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠤᠨ ᠲᠠᠩᠰᠠ ᠡᠪᠬᠡᠮᠡᠯ ᠪᠠᠶᠢᠭᠤᠯᠵᠣ᠂ ᠬᠥᠳᠡᠯᠦᠩᠭᠦᠢ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢ ᠬᠠᠩᠭᠠᠬᠤ ᠭᠡᠷᠡᠭᠲᠠᠢ᠃ ᠬᠡᠲᠦᠷᠡᠲᠡᠯ᠎ᠡ ᠠᠰᠢᠭᠯᠠᠭᠰᠠᠨ ᠠᠴᠠ ᠪᠣᠯᠵᠤ ᠮᠠᠭᠤᠳᠠᠭᠰᠠᠨ ᠬᠠᠳᠤᠯᠠᠩ ᠢ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠶᠢ ᠵᠠᠷᠯᠢᠭᠳᠠᠵᠤ ᠪᠢᠲᠡᠭᠦᠮᠵᠢᠯᠡᠨ ᠪᠣᠶᠢᠵᠢᠭᠤᠯᠬᠤ᠂ ᠪᠣᠷᠳᠣᠭᠤᠷ ᠣᠷᠣᠭᠤᠯᠬᠤ᠂ ᠨᠥᠬᠦᠵᠦ ᠲᠡᠷᠢᠬᠤ ᠵᠡᠷᠭᠡ ᠠᠷᠭ᠎ᠠ ᠬᠡᠮᠵᠢᠶ᠎ᠡ ᠠᠪᠴᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠭᠡᠷᠡᠭᠲᠠᠢ᠃ ᠰᠡᠷᠭᠦᠭᠡᠭᠰᠡᠨ ᠤ ᠳᠠᠷᠠᠭ᠎ᠠ ᠲᠤᠬᠠᠢ ᠶᠢᠨ ᠭᠠᠵᠠᠷ ᠲᠤᠨᠢ ᠬᠢᠨᠠᠨ ᠰᠢᠯᠭᠠᠭᠠᠳ ᠬᠠᠳᠤᠯᠠᠩ ᠢ ᠠᠰᠢᠭᠯᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ ᠬᠠᠳᠤᠯᠠᠩ ᠢᠶᠠᠷ ᠠᠰᠢᠭᠯᠠᠵᠤ ᠪᠣᠯᠣᠨ᠎ᠠ᠃ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠳᠤᠯᠠᠩ ᠢ ᠬᠢᠨᠠᠨ ᠬᠡᠮᠵᠢᠬᠦ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠬᠢᠨᠠᠯᠲᠠ ᠲᠠᠯᠪᠢᠵᠤ ᠵᠢᠯᠣᠭᠤᠳᠬᠤ ᠬᠡᠷᠡᠭᠲᠠᠢ᠃      ᠠᠷᠪᠠᠨ ᠲᠠᠪᠤᠳᠤᠭᠠᠷ ᠵᠦᠢᠯ   ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠠᠢ᠄      ︵ᠨᠢᠭᠡ︶ ᠬᠤᠰᠢᠭᠤ ᠠᠷᠠᠳ ᠤᠨ ᠵᠠᠰᠠᠭ ᠤᠨ ᠣᠷᠳᠣᠨ ᠪᠠ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠪᠠᠶᠢᠭᠠᠯᠢᠯᠢᠭ ᠬᠠᠳᠤᠯᠠᠩ ᠢ ᠬᠠᠮᠠᠭᠠᠯᠠᠨ ᠠᠰᠢᠭᠯᠠᠬᠤ ᠬᠠᠷᠢᠭᠤᠴᠠᠯᠭ᠎ᠠ ᠶᠢᠨ ᠭᠤᠣᠯ ᠴᠣᠭᠴᠠ       ᠪᠣᠯᠣᠨ᠎ᠠ᠃ ᠭᠠᠴᠠᠭᠠᠨ ᠤ ᠵᠥᠪᠯᠡᠯ ᠪᠠ ᠮᠠᠯᠵᠢᠬᠤ ᠡᠷᠦᠬᠡ ᠪᠣᠯ ᠪᠠᠶᠢᠭᠠᠯᠢᠯᠢᠭ ᠬᠠᠳᠤᠯᠠᠩ ᠢ ᠬᠠᠮᠠᠭᠠᠯᠠᠨ ᠠᠰᠢᠭᠯᠠᠬᠤ ᠬᠡᠷᠡᠭᠵᠢᠭᠦᠯᠬᠦ ᠭᠤᠤᠯ ᠴᠣᠭᠴᠠ ᠪᠣᠯᠣᠨ᠎ᠠ︔      ︵ᠬᠤᠶᠠᠷ︶ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯ ᠪᠠᠶᠢᠭᠠᠯᠢᠯᠢᠭ ᠬᠠᠳᠤᠯᠠᠩ  ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠭᠤᠣᠯ ᠴᠣᠭᠴᠠ ᠪᠠᠶᠢᠵᠤ᠂ ᠪᠠᠶᠢᠭᠠᠯᠢᠯᠢᠭ ᠬᠠᠳᠤᠯᠠᠩ ᠤᠨ ᠬᠠᠮᠠᠭᠠᠯᠠᠯᠲᠠ ᠠᠰᠢᠭᠯᠠᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠵᠢᠯᠤᠭᠤᠳᠬᠤ ᠶᠢ ᠬᠠᠷᠢᠭᠤᠴᠠᠨ᠎ᠠ᠃ ᠡᠭᠦᠨ ᠤ ᠬᠠᠮᠲᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠳᠤᠪᠡᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠱᠠᠭᠠᠷᠳᠠᠯᠭ᠎ᠠ ᠶᠣᠰᠣᠭᠠᠷ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠱᠠᠲᠤ ᠱᠠᠲᠤ ᠪᠠᠷ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠪᠠᠷ ᠳᠠᠮᠵᠢᠭᠤᠯᠤᠨ᠂ ᠭᠠᠯ ᠰᠡᠷᠭᠡᠶᠢᠯᠡᠬᠦ ᠡᠭᠦᠷᠭᠡ ᠶᠢ ᠱᠠᠲᠤ ᠳᠠᠷᠠᠭᠠᠯᠠᠨ ᠨᠠᠶᠢᠳᠠᠪᠦᠷᠢᠵᠢᠭᠤᠯᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ︔      ︵ᠭᠤᠷᠪᠠ︶ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠬᠠᠤᠯᠢ ᠬᠡᠷᠡᠭᠵᠢᠭᠦᠯᠬᠦ ᠭᠤᠣᠯ ᠴᠣᠭᠴᠠ ᠪᠠᠶᠢᠵᠤ᠂ ᠪᠠᠶᠢᠭᠠᠯᠢᠯᠢᠭ ᠬᠠᠳᠤᠯᠠᠩ ᠢ ᠬᠠᠮᠠᠭᠠᠯᠠᠨ ᠬᠠᠮᠢᠶᠠᠷᠬᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔      ︵ᠳᠥᠷᠪᠡ︶ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠣ᠂ ᠡᠪᠡᠰᠦ ᠬᠠᠳᠤᠬᠤ ᠠᠵᠤ ᠠᠬᠤᠶᠢᠯᠠᠯ ᠪᠠ ᠮᠠᠯᠵᠢᠬᠤ ᠡᠷᠦᠬᠡ ᠳᠤ ᠭᠦᠨᠵᠡᠭᠡᠶᠢᠷᠡᠨ᠂ ᠮᠡᠷᠭᠡᠵᠢᠯ ᠤᠨ ᠵᠢᠯᠣᠭᠤᠳᠤᠯᠭ᠎ᠠ ᠬᠢᠵᠣ᠂ ᠬᠠᠳᠤᠯᠠᠩ ᠢ ᠬᠠᠮᠠᠭᠠᠯᠠᠬᠤ ᠳᠤ ᠠᠰᠢᠭᠲᠠᠢ ᠰᠢᠨ᠎ᠡ ᠬᠡᠯᠪᠡᠷᠢ ᠶᠢᠨ ᠡᠪᠡᠰᠦ ᠬᠠᠳᠤᠬᠤ ᠮᠠᠰᠢᠨ ᠢ ᠳᠡᠯᠭᠡᠷᠡᠭᠦᠯᠬᠦ ᠶᠢ ᠬᠠᠷᠢᠭᠤᠴᠠᠨ᠎ᠠ᠃ ᠡᠪᠡᠰᠦ ᠬᠠᠳᠤᠵᠤ ᠨᠥᠭᠡᠴᠡᠯᠡᠬᠦ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮᠯᠢᠭ ᠪᠣᠯᠣᠨ ᠨᠡᠶᠢᠭᠡᠮᠴᠢᠯᠡᠭᠰᠡᠨ ᠡᠪᠡᠰᠦ ᠬᠠᠳᠤᠬᠤ ᠠᠩᠭᠢ ᠳᠤ ᠰᠡᠯᠬᠦᠨ ᠬᠠᠳᠤᠬᠤ ᠠᠷᠭ᠎ᠠ ᠮᠠᠶ᠋ᠢᠭ᠂ ᠮᠠᠰᠢᠨ ᠲᠥᠬᠦᠭᠡᠷᠦᠮᠵᠢ ᠶᠢ ᠭᠡᠷᠡᠭᠯᠡᠬᠦ᠂ ᠬᠠᠮᠠᠭᠠᠯᠠᠬᠤ ᠵᠡᠷᠭᠡ ᠲᠠᠯ᠎ᠠ ᠶᠢᠨ ᠮᠡᠷᠭᠡᠵᠢᠯ ᠤᠨ ᠪᠣᠯᠪᠠᠰᠤᠷᠠᠭᠤᠯᠤᠯ ᠬᠢᠬᠦ ᠬᠡᠷᠡᠭᠲᠡᠢ︔      ︵ᠲᠠᠪᠤ︶ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠲᠣᠪᠴᠢᠶ᠎ᠠ ᠪᠣᠯᠣᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠡᠪᠡᠰᠦ ᠵᠥᠭᠡᠭᠡᠪᠦᠷᠢᠯᠡᠬᠦ ᠲᠡᠷᠭᠡ ᠬᠥᠰᠬᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠡᠪᠡᠰᠦ ᠬᠠᠳᠤᠬᠤ᠂ ᠡᠪᠡᠰᠦ ᠵᠥᠭᠡᠭᠡᠪᠦᠷᠢᠯᠡᠬᠦ᠂ ᠡᠪᠡᠰᠦ ᠬᠠᠳᠠᠭᠠᠯᠠᠬᠤ ᠲᠡᠷᠭᠡ ᠬᠥᠰᠬᠡ ᠬᠡᠲᠦ ᠥᠨᠳᠥᠷ᠂ ᠬᠡᠲᠦ ᠥᠷᠭᠡᠨ᠂ ᠬᠡᠮᠵᠢᠶ᠎ᠡ ᠠᠴᠠ ᠬᠡᠲᠦᠷᠬᠡᠶ ᠪᠠ ᠰᠥᠨᠢ ᠪᠠᠷ ᠵᠠᠮ ᠳᠤ ᠭᠠᠷᠬᠤ ᠪᠠ ᠵᠠᠮ ᠡᠵᠡᠯᠡᠨ ᠵᠤᠭᠰᠤᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠲᠡᠷᠭᠡ ᠬᠥᠰᠬᠡ ᠳᠤ ᠦᠷᠭᠡᠨ ᠤ ᠬᠡᠮᠵᠢᠶ᠎ᠡ ᠶᠢ ᠢᠯᠡᠷᠬᠡᠶᠢᠯᠡᠬᠦ ᠲᠡᠮᠳᠡᠭ᠂ ᠬᠡᠷᠡᠯ ᠣᠶᠢᠯᠭᠠᠭᠴᠢ ᠲᠡᠮᠳᠡᠭ᠂ ᠳ᠋ᠧᠩ ᠤᠨ ᠭᠡᠷᠡᠯ ᠵᠡᠷᠭᠡ ᠠᠮᠤᠷ ᠲᠦᠪᠰᠢᠨ ᠤ  ᠲᠦᠬᠦᠭᠡᠷᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠡᠷᠡᠭᠯᠡᠭᠡᠨ ᠠᠴᠠ ᠭᠠᠷᠭᠠᠬᠤ᠂ ︽ᠭᠤᠷᠪᠠ ᠥᠬᠡᠶ︾      ︵ᠳᠠᠭᠠᠳᠬᠠᠯ ᠥᠬᠡᠶ᠂ ᠫᠠᠶᠢᠰᠠ ᠥᠬᠡᠶ᠂ ᠦᠨᠡᠮᠯᠡᠯ ᠥᠬᠡᠶ︶᠂ ᠠᠮᠤᠷ ᠲᠦᠪᠰᠢᠨ ᠤ ᠲᠦᠬᠦᠭᠡᠷᠦᠮᠵᠢ ᠨᠢ ᠪᠦᠷᠢᠨ ᠪᠤᠰᠤ ᠡᠪᠡᠰᠦ ᠬᠠᠳᠤᠵᠤ ᠬᠠᠳᠠᠭᠠᠯᠠᠬᠤ ᠲᠡᠷᠭᠡ ᠬᠥᠰᠬᠡ᠂ ᠲᠷᠠᠺᠲ᠋ᠣᠷ ᠵᠡᠷᠭᠡ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠢ ᠵᠠᠮ ᠳᠤ ᠭᠠᠷᠭᠠᠵᠤ ᠶᠠᠪᠤᠭᠤᠯᠬᠤ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠢ︔      ( ᠵᠢᠷᠭᠤᠭ᠎ᠠ)ᠡᠳ᠋ ᠤᠨ ᠵᠠᠰᠠᠭ ᠤᠨ ᠲᠣᠪᠴᠢᠶ᠎ᠠ ᠨᠢ ᠡᠯ᠎ᠡ ᠰᠣᠮᠤ ᠪᠠᠯᠭᠠᠰᠤ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠳᠤᠯᠠᠩ ᠢ ᠬᠠᠮᠠᠭᠠᠯᠠᠬᠤ᠂ ᠬᠠᠮᠢᠶᠠᠷᠬᠤ᠂ ᠬᠢᠨᠠᠨ ᠬᠡᠮᠵᠢᠬᠦ ᠵᠡᠷᠭᠡ ᠴᠢᠬᠤᠯᠠ ᠪᠦᠬᠦᠢ ᠠᠵᠢᠯ ᠤᠨ ᠵᠠᠷᠣᠳᠠᠯ ᠳᠤ ᠪᠠᠲᠤᠯᠠᠭ᠎ᠠ ᠬᠠᠩᠭᠠᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ  ᠬᠠᠮᠢᠶᠠᠷᠴᠤ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠪᠠ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠭᠠᠴᠠᠭ᠎ᠠ᠂ ᠭᠠᠴᠠᠭ᠎ᠠ ᠪᠠ ᠡᠪᠡᠰᠣ ᠬᠠᠳᠣᠬᠤ ᠮᠠᠯᠵᠢᠬᠤ ᠡᠷᠦᠭᠡ ᠵᠢᠯ ᠪᠣᠯᠭᠠᠨ ᠬᠠᠳᠣᠯᠠᠩ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ ᠳᠣᠭᠳᠠᠵᠣ᠂ ᠡᠭᠦᠷᠭᠡ ᠪᠠ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠣᠷᠢᠵᠢᠭᠤᠯᠬᠤ ᠬᠡᠷᠡᠭᠲᠠᠢ᠃      ᠠᠷᠪᠠᠨ ᠳᠤᠯᠤᠳᠤᠭᠠᠷ ᠵᠦᠢᠯ  ᠡᠪᠡᠰᠦ ᠬᠠᠳᠤᠵᠤ ᠬᠠᠳᠠᠭᠠᠯᠠᠬᠤ ᠠᠵᠢᠯ ᠤᠨ ᠵᠠᠷᠴᠢᠮ ᠪᠠ ᠳᠡᠭᠡᠷᠡᠬᠢ ᠴᠠᠭᠠᠵᠠᠯᠠᠬᠤ ᠲᠣᠭᠲᠠᠭᠠᠯ ᠢ ᠵᠥᠷᠢᠴᠡᠭᠰᠡᠨ ᠰᠢᠢᠳᠬᠡᠯ ᠨᠢ ᠳᠣᠤᠷᠠᠬᠢ ᠮᠡᠲᠦ᠄      ︵ᠨᠢᠭᠡ︶ ᠲᠤᠰ ᠠᠷᠭ᠎ᠠ ᠶᠢᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ᠂ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠪᠣᠯᠤᠨ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠠᠴᠠ ᠵᠥᠷᠢᠴᠡᠨ᠂ ᠲᠣᠭᠲᠠᠭᠠᠯ ᠶᠣᠰᠣᠭᠠᠷ ᠡᠪᠡᠰᠦ ᠬᠠᠳᠤᠭᠰᠠᠨ ᠦᠭᠡᠶ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠣ᠂ ᠪᠡᠯᠴᠢᠭᠡᠷ ᠰᠡᠷᠭᠦᠭᠡᠬᠦ ᠳᠦᠷᠢᠮ︾ ᠤᠨ ᠭᠤᠴᠢᠨ ᠭᠤᠷᠪᠠᠳᠤᠭᠠᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠮᠦ ᠪᠦᠷᠢ ᠳᠤ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ︵ᠬᠤᠶᠠᠷ︶ ᠲᠤᠰ ᠠᠷᠭ᠎ᠠ ᠶᠢᠨ ᠨᠠᠢᠮᠠᠳᠤᠭᠠᠷ ᠵᠦᠢᠯ ᠤᠨ ᠬᠤᠶᠠᠳᠤᠭᠠᠷ ᠵᠤᠷᠪᠤᠰ᠂ ᠭᠤᠷᠪᠠᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠪᠡᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠳᠠᠯᠠᠳᠤᠭᠠᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠠᠤᠯᠢ ᠪᠤᠰᠤ ᠪᠠᠷ ᠨᠤᠲᠤᠭ ᠪᠡᠯᠴᠢᠭᠡᠷ ᠢ ᠳᠠᠷᠤᠭᠰᠠᠨ ᠢᠶᠠᠷ ᠰᠢᠢᠳᠪᠦᠷᠢᠯᠡᠨ᠎ᠡ᠃ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠲᠥᠯᠥᠬᠦ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠦᠨ᠎ᠡ᠃      ︵ᠭᠤᠷᠪᠠ︶ ᠨᠠᠢᠮᠠᠳᠤᠭᠠᠷ ᠵᠦᠢᠯ ᠤᠨ ᠳᠥᠷᠪᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠤᠨ ᠲᠠᠪᠢᠨ ᠨᠠᠢᠮᠠᠳᠤᠭᠠᠷ ᠵᠦᠢᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ ᠡᠬᠢ ᠪᠠᠶᠠᠯᠢᠭ ᠬᠢᠭᠡᠳ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ  ᠨᠡᠬᠡᠮᠵᠢᠯᠡᠨ᠎ᠡ᠃      ᠠᠷᠪᠠ ᠨᠠᠢᠮᠠᠳᠤᠭᠠᠷ ᠵᠦᠢᠯ  ᠲᠣᠰ ᠠᠷᠭ᠎ᠠ ᠶᠢ ᠵᠡᠭᠦᠨ ᠦᠵᠦᠮᠦᠴᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠠᠷᠪᠠᠨ ᠶᠢᠰᠦᠳᠦᠭᠡᠷ ᠵᠦᠢᠯ  ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠡᠷᠡᠭᠵᠢᠭᠦᠯᠬᠦ ᠬᠤᠭᠤᠴᠠᠭᠠᠨ ᠳᠤ ᠬᠡᠷᠪᠡ ᠤᠯᠤᠰ᠂ ᠥᠪᠡᠷᠲᠡᠭᠡᠨ ᠵᠠᠰᠠᠬᠤ ᠣᠷᠤᠨ ᠪᠠ ᠠᠶᠢᠮᠠᠭ ᠱᠠᠳᠤᠨ ᠠᠴᠠ ᠲᠣᠬᠢᠷᠠᠭᠤᠯᠤᠯᠲᠠ ᠬᠢᠬᠦ ᠪᠤᠶᠤ ᠲᠣᠭᠲᠠᠭᠠᠭᠰᠠᠨ ᠬᠠᠮᠢᠶ᠎ᠠ ᠪᠦᠬᠦᠢ ᠲᠤᠭᠳᠠᠭᠠᠯ ᠪᠠᠶᠢᠪᠠᠯ᠂ ᠲᠡᠷᠡ ᠲᠤᠭᠲᠠᠭᠠᠯ ᠢ ᠵᠢᠷᠤᠮᠠᠯᠯᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号